ᠬᠢᠵᠢᠢᠭ ᠢ ᠰᠡᠷᠭᠡᠶᠢᠯᠡᠨ ᠡᠵᠡᠮᠳᠡᠬᠦ ᠠᠵᠢᠯ ᠳᠤ ᠭᠠᠪᠰᠢᠭᠠᠶᠢᠯᠠᠨ ᠠᠵᠢᠯᠯᠠᠵᠦ ᠪᠠᠶᠢᠭ᠎ᠠ ᠰᠤᠪᠢᠯᠠᠭᠴᠢ ᠡᠮᠴᠢ ᠤᠳᠤᠩᠭᠤᠸ᠎ᠠ
ᠨᠡᠶᠢᠲᠡᠯᠡᠭᠰᠡᠨ ᠴᠠᠭ᠄
2022/3/4
     ᠭᠡᠨᠡᠳᠳᠡ ᠪᠤᠯᠤᠭᠰᠠᠨ ᠬᠢᠵᠢᠭ ᠤᠨ ᠪᠠᠶᠢᠳᠠᠯ ᠨᠢ ᠬᠦᠮᠦᠰ ᠤᠨ ᠦᠯᠵᠡᠢ ᠪᠡᠯᠭᠡ ᠲᠠᠢ  ᠪᠠᠶᠠᠷ ᠪᠠᠶᠠᠰᠬᠤᠯᠠᠩ  ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠡᠪᠳᠡᠨ ᠬᠢᠵᠢᠭ ᠤᠨ ᠪᠠᠶᠢᠳᠠᠯ ᠤᠨ ᠬᠤᠪᠢᠷᠠᠯᠳᠠ ᠨᠢ ᠲᠦᠭ ᠲᠦᠮᠡᠨ ᠠᠷᠠᠳ ᠤᠨ ᠰᠡᠳᠭᠢᠯ ᠢ ᠰᠠᠨᠠᠭᠠᠰᠢᠷᠠᠭᠤᠯᠵᠦ ᠪᠠᠶᠢᠪᠠ᠃ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠯᠭᠡ ᠶᠢᠨ ᠰᠠᠯᠠᠭᠠᠨ ᠤ ᠰᠤᠪᠢᠯᠠᠭᠴᠢ ᠶᠢᠨ ᠲᠠᠷᠤᠭ᠎ᠠ ᠮᠦᠨ ᠴᠦ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠤᠳᠤᠩᠭᠤᠸ᠎ᠠ ᠰᠡᠷᠭᠡᠶᠢᠯᠡᠨ ᠬᠠᠮᠠᠭᠠᠯᠠᠬᠤ᠂ ᠦᠪᠡᠷ ᠤᠨ ᠪᠤᠳᠠᠳᠦ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠴᠢ ᠰᠤᠪᠢᠯᠠᠭᠴᠢ ᠶᠢᠨ ᠡᠨᠡᠷᠢᠩᠭᠦᠢ ᠰᠡᠳᠬᠢᠯ ᠪᠤᠯᠤᠨ ᠶᠤᠰᠤ ᠰᠤᠷᠳᠠᠬᠤᠨ ᠤ ᠮᠦᠨ ᠴᠢᠨᠠᠷ ᠢ ᠬᠠᠷᠠᠭᠤᠯᠵᠠᠢ᠃
     2 ᠰᠠᠷ᠎ᠠ ᠶᠢᠨ19 ᠤ ᠡᠳᠦᠷ ᠠᠴᠠ20 ᠤ ᠡᠳᠦᠷ ᠪᠤᠯᠳᠠᠯ᠎ᠠ ᠦᠷᠨᠢᠭᠦᠯᠦᠭᠰᠡᠨ ᠪᠦᠬᠦ ᠬᠤᠰᠢᠭᠤᠨ ᠤ ᠪᠦᠬᠦ ᠠᠷᠠᠳ ᠤᠨ ᠪᠦᠬᠡᠮ ᠬᠦᠴᠢᠯ ᠤᠨ ᠪᠠᠶᠢᠴᠠᠭᠠᠯᠳᠠ ᠶᠢᠨ ᠠᠵᠢᠯ ᠲᠤᠮᠳᠠ᠂ ᠲᠡᠷᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠮᠳᠦ ᠠᠵᠢᠯᠳᠠᠳ ᠢᠶᠠᠨ ᠲᠠᠭᠠᠭᠤᠯᠤᠨ ᠬᠦᠢᠳᠡᠨ ᠳᠤ ᠤᠨᠳᠠᠵᠦ ᠠᠮᠠᠷᠠᠬᠤ ᠤᠤᠭᠤᠵᠦ ᠢᠳᠡᠬᠦ   ᠪᠠᠨ ᠤᠮᠠᠷᠳᠠᠨ᠂ ᠪᠦᠬᠦ ᠬᠤᠰᠢᠭᠤᠨ ᠤ ᠡᠯ᠎ᠡ ᠪᠦᠬᠡᠮ ᠬᠦᠴᠢᠯ ᠤᠨ ᠬᠤᠷᠢᠶᠠᠨ ᠴᠤᠭᠯᠠᠭᠤᠯᠬᠤ ᠴᠡᠭ ᠲᠤ ᠵᠠᠯᠭᠠᠭ᠎ᠠ ᠪᠠᠷ ᠠᠷᠪᠠᠨ ᠭᠡᠳᠦᠨ ᠴᠠᠭ ᠡᠷᠡᠯᠬᠡᠭᠯᠡᠨ ᠠᠵᠢᠯᠯᠠᠵᠠᠢ᠃ ᠤᠳᠤᠩᠭᠤᠸ᠎ᠠ ᠦᠪᠡᠷ  ᠤᠨ ᠬᠠᠷᠢᠭᠤᠴᠠᠵᠦ ᠪᠠᠶᠢᠭ᠎ᠠ ᠪᠦᠬᠦ ᠰᠠᠭᠤᠭᠠᠯᠢ ᠠᠷᠠᠳ ᠤᠨ ᠪᠦᠬᠡᠮ ᠬᠦᠴᠢᠯ ᠤᠨ ᠦᠯᠢᠭᠡᠷ ᠠᠪᠬᠤ ᠠᠵᠢᠯ ᠢᠶᠠᠨ ᠬᠢᠵᠦ ᠲᠠᠭᠤᠰᠬᠠᠭᠠᠳ ᠠᠮᠠᠷᠠᠵᠦ ᠠᠮᠵᠢᠭ᠎ᠠ ᠦᠭᠡᠢ ᠴᠢᠨᠠᠭᠰᠢᠯᠠᠪᠠᠯ ᠨᠢᠭᠡ ᠠᠮᠠ ᠤᠰᠤ ᠴᠦ ᠤᠤᠭᠤᠵᠦ ᠠᠮᠵᠢᠭ᠎ᠠ ᠦᠭᠡᠢ ᠪᠠᠷ ᠦᠷ ᠤᠨ2 ᠴᠠᠭ ᠲᠤ ᠦᠷᠭᠦᠯᠵᠢᠯᠡᠨ ᠡᠷᠦᠭᠡ ᠳᠤ ᠬᠦᠷᠴᠦ ᠠᠰᠠᠷ ᠠᠴᠠ ᠪᠠᠨ ᠪᠠᠭᠤᠵᠦ ᠲᠡᠶᠢᠯᠬᠦ ᠦᠭᠡᠢ ᠨᠠᠰᠤᠳᠠᠶᠢᠴᠤᠳ ᠪᠠ ᠨᠢᠯᠬᠠᠰ ᠲᠤ ᠪᠦᠬᠡᠮ ᠬᠦᠴᠢᠯ ᠤᠨ ᠪᠠᠶᠢᠴᠠᠭᠠᠯᠳᠠ ᠬᠢᠵᠦ᠂ ᠦᠳᠡ ᠶᠢᠨ ᠡᠮᠦᠨᠡᠬᠢ11 ᠴᠠᠭ ᠪᠤᠯᠳᠠᠯ᠎ᠠ ᠶᠠᠭᠠᠷᠠᠵᠦ ᠡᠭᠦᠷᠭᠡ ᠪᠠᠨ ᠪᠡᠶᠡᠯᠡᠭᠦᠯᠦᠨ ᠲᠦᠩᠭᠡᠵᠢ ᠭᠡᠷ ᠲᠤ ᠪᠠᠨ ᠬᠠᠷᠢᠭᠠᠳ ᠦᠪᠡᠷ ᠤᠨ ᠴᠢᠬᠢ ᠨᠢ ᠲᠠᠭᠠᠷᠠᠭᠠᠳ ᠠᠷᠠᠰᠤ ᠨᠢ ᠤᠨᠠᠵᠦ ᠲᠡᠮᠳᠡᠷᠢᠬᠦ ᠳᠤ ᠮᠡᠳᠡᠷᠡᠯ ᠦᠭᠡᠢ ᠪᠠᠷ ᠪᠤᠯᠤᠭᠰᠠᠨ ᠢᠶᠠᠨ ᠰᠠᠶ᠋ᠢ ᠮᠡᠳᠡᠵᠡᠢ᠃
     ᠡᠨᠡ ᠤᠳᠠᠭᠠᠨ ᠤ ᠪᠦᠬᠦ ᠠᠷᠠᠳ ᠤᠨ ᠪᠦᠬᠡᠮ ᠬᠦᠴᠢᠯ ᠤᠨ ᠪᠠᠶᠢᠠᠭᠠᠯᠳᠠ ᠶᠢᠨ ᠠᠵᠢᠯ ᠳᠤ᠂ ᠤᠳᠤᠩᠭᠤᠸ᠎ᠠ ᠴᠤᠭᠯᠠᠭᠤᠯᠬᠤ ᠴᠡᠭ ᠤᠨ ᠦᠯᠢᠭᠡᠷ ᠠᠪᠬᠤ ᠠᠵᠢᠯ ᠢ ᠲᠡᠭᠦᠰ ᠠᠮᠵᠢᠯᠳᠠ ᠲᠠᠢ ᠪᠡᠶᠡᠯᠡᠭᠦᠯᠵᠦ᠂ ᠠᠵᠢᠯ ᠤᠨ ᠪᠠᠶᠢᠷᠠᠢ  ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ  ᠨᠠᠶᠢᠳᠠᠪᠤᠷᠢᠵᠢᠭᠤᠯᠬᠤ ᠶᠢᠨ ᠲᠦᠯᠦᠭᠡ ᠤᠯᠠᠨ ᠢ ᠬᠠᠷᠠᠭᠠᠯᠵᠠᠵᠦ᠂ ᠦᠪᠡᠷ ᠤᠨ ᠭᠡᠷ ᠤᠷᠤᠨ ᠢᠶᠠᠨ ᠲᠠᠶᠠᠭᠳᠠᠨ ᠶᠡᠭᠡ ᠲᠠᠯ᠎ᠠ ᠶᠢ ᠴᠢᠬᠤᠯᠠᠴᠢᠯᠠᠵᠦ᠂ ᠲᠡᠭᠦᠨ ᠤ ᠰᠢᠷᠭᠠᠭᠤ ᠴᠢᠷᠮᠠᠶᠢᠨ ᠨᠠᠷᠢᠨ ᠬᠢᠨᠠᠮᠠᠭᠠᠢ ᠯᠠᠪᠳᠠᠭᠤᠨ ᠪᠠᠳᠤᠳᠠᠢ ᠠᠵᠢᠯᠯᠠᠬᠤ ᠵᠤᠷᠢᠭ ᠰᠠᠨᠠᠭ᠎ᠠ ᠨᠢ ᠬᠠᠮᠳᠦ ᠠᠵᠢᠯᠯᠠᠭᠰᠠᠳ ᠤᠨ ᠢᠶᠠᠨ ᠦᠨᠳᠦᠷ ᠦᠨᠡᠯᠡᠯᠳᠡ ᠶᠢ ᠤᠯᠤᠭᠰᠠᠨ ᠪᠠᠶᠢᠨ᠎ᠠ᠃
     ᠡᠮᠨᠡᠯᠭᠡ ᠶᠢᠨ ᠬᠤᠷᠢᠶᠠᠨ ᠤ ᠭᠠᠵᠠᠷ ᠪᠤᠯᠭᠠᠨ ᠳᠤ ᠤᠳᠤᠩᠭᠤᠸ᠎ᠠ ᠶᠢᠨ ᠶᠠᠭᠠᠷᠠᠯᠳᠡᠢ ᠪᠠᠷ᠎ᠠ ᠬᠠᠷᠠᠭᠳᠠᠵᠦ᠂ ᠲᠦᠷᠭᠡᠨ ᠡᠮᠨᠡᠯᠭᠡ ᠶᠢᠨ ᠰᠠᠯᠠᠭ᠎ᠠ ᠪᠤᠯᠤᠨ ᠠᠨᠠᠭᠠᠬᠤ ᠤᠬᠠᠭᠠᠨ ᠤ ᠠᠵᠢᠭᠯᠠᠯᠳᠠ ᠶᠢᠨ ᠲᠤᠰᠭᠠᠷᠯᠠᠬᠤ ᠭᠠᠵᠠᠷ ᠲᠤ ᠪᠦᠷ ᠲᠡᠭᠦᠨ ᠤ ᠤᠯᠠ ᠮᠦᠷ ᠪᠤᠢ᠃ ᠤᠳᠤᠩᠭᠤᠸ᠎ᠠ ᠢᠨᠢᠶᠡᠮᠰᠦᠭᠯᠡᠨ᠄ ︽ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠠᠵᠢᠯ ᠬᠡᠳᠦᠶᠢᠪᠡᠷ ᠶᠠᠭᠠᠷᠠᠯᠳᠠᠢ ᠮᠦᠷᠳᠡᠭᠡᠨ ᠵᠦᠳᠡᠷᠡᠯᠳᠡᠢ ᠪᠤᠯᠪᠠᠴᠦ ᠪᠦᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠲᠦᠯᠦᠭᠡ ᠡᠮᠴᠢᠯᠡᠭᠡᠨ ᠤ ᠠᠵᠢᠯᠳᠠᠨ ᠪᠤᠯᠤᠭᠰᠠᠨ ᠤ ᠬᠤᠪᠢ ᠳᠤ ᠬᠢᠵᠢᠭ  ᠤᠨ ᠡᠮᠡᠨ᠎ᠡ ᠡᠭᠦᠷᠭᠡ ᠬᠠᠷᠢᠭᠤᠴᠠᠯᠭ᠎ᠠ ᠪᠠᠨ ᠵᠠᠶᠢᠯᠠᠰᠢ ᠦᠭᠡᠢ ᠪᠡᠶᠡᠯᠡᠬᠦᠯᠬᠦ ᠬᠡᠷᠡᠭᠳᠡᠢ︾ ᠬᠡᠵᠦ ᠶᠠᠷᠢᠵᠦ ᠪᠠᠶᠢᠯ᠎ᠠ᠃ ᠬᠢᠵᠢᠭ ᠤᠨ ᠪᠠᠶᠢᠳᠠᠯ ᠮᠦᠨ ᠯᠡ ᠬᠦᠨᠳᠦ ᠬᠡᠴᠡᠭᠦᠦ᠂ ᠰᠡᠷᠭᠡᠶᠢᠯᠡᠨ ᠡᠵᠡᠮᠳᠡᠬᠦ ᠠᠵᠢᠯ ᠪᠠᠰᠠ ᠦᠷᠭᠦᠯᠵᠢᠯᠡᠭᠰᠡᠭᠡᠷ᠂ ᠤᠳᠤᠩᠭᠤᠸ᠎ᠠ ᠬᠠᠮᠳᠦ ᠠᠵᠢᠯᠳᠠᠳ ᠲᠠᠢ ᠪᠠᠨ ᠰᠡᠳᠬᠢᠯ ᠨᠢᠬᠡᠳᠦᠨ ᠬᠦᠴᠦ ᠪᠠᠨ  ᠬᠠᠮᠳᠤᠳᠬᠠᠵᠦ᠂ ᠬᠠᠳᠠᠭᠤ ᠪᠡᠷᠬᠡᠰᠢᠶᠡᠯ ᠢ ᠬᠠᠮᠳᠦ ᠪᠠᠷ ᠲᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ ᠲᠠᠶᠢᠨ  ︾ ᠤ  ᠡᠮᠦᠨ᠎ᠡ ᠹᠷᠤᠨᠲ ᠲᠤ ᠴᠠᠭᠠᠨ ᠬᠤᠪᠴᠠᠰᠤᠳᠦ ᠠᠵᠢᠯᠳᠠᠳ ᠤᠨ ᠬᠠᠷᠢᠭᠤᠴᠠᠯᠭ᠎ᠠ ᠪᠠᠨ ᠡᠭᠦᠷᠭᠡᠯᠡᠨ ᠰᠠᠬᠢᠭᠰᠠᠭᠠᠷ  ᠂᠂᠂
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号