ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠢᠳᠢᠮᠯᠢᠭ ᠠᠭᠤᠰᠬᠢᠨ ᠦᠷᠪᠢᠰᠦᠯ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠠᠭᠤᠭᠠᠯᠢ ᠠᠷᠠᠳ ᠤᠨ ᠲᠤᠭᠤᠷᠢᠭ ︵ᠲᠤᠰᠬᠤᠨ︶ ᠤᠨ ᠤᠷᠤᠵᠦ ᠭᠠᠷᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/3/4
                                        ︵2022 ᠣᠨ ᠤ11 ᠳ᠋ᠦ᠋ᠭᠡᠷ ᠲᠤᠭᠠᠳᠦ︶      ᠤᠳᠤᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠪᠤᠳᠤᠯᠢᠶᠠᠨᠳᠡᠢ ᠪᠤᠯᠬᠤᠷ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠲᠤᠳᠤᠭᠠᠳᠦ ᠳᠤ ᠪᠠᠨ ᠲᠠᠷᠬᠠᠬᠤ ᠶᠢ ᠰᠡᠷᠭᠡᠶᠢᠯᠡᠨ ᠂ ᠭᠠᠳᠠᠭᠰᠢ ᠬᠠᠯᠳᠠᠪᠦᠷᠢᠯᠠᠬᠤ ᠶᠢ ᠴᠢᠩᠭ᠎ᠠ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠬᠦ ᠶᠢᠨ ᠲᠦᠯᠦᠭᠡ᠂ ᠠᠶᠤᠯ ᠲᠦᠭᠰᠢᠬᠦᠷᠢ ᠲᠠᠢ ᠬᠦᠮᠦᠰ ᠢ ᠰᠢᠭᠰᠢᠨ ᠪᠠᠶᠢᠴᠠᠭᠠᠬᠤ ᠪᠠ ᠠᠶᠤᠯ ᠲᠦᠭᠰᠢᠭᠦᠷᠢ ᠲᠠᠢ ᠭᠠᠵᠠᠷ ᠤᠷᠤᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠦ᠂ ᠬᠦᠮᠦᠰ ᠤᠨ ᠴᠢᠬᠤᠯᠠ ᠪᠤᠰᠤ ᠰᠢᠯᠵᠢᠯᠳᠡ ᠶᠢ ᠬᠢᠵᠠᠭᠠᠷᠯᠠᠨ ᠨᠡᠶᠢᠭᠡᠮ ᠲᠡᠭᠡᠷᠡᠬᠢ ᠬᠢᠵᠢᠭ ᠤᠨ ᠬᠠᠯᠳᠠᠪᠦᠷᠢᠯᠠᠯ ᠢ ᠪᠦᠷᠢᠮᠰᠤᠨ ᠠᠷᠢᠯᠭᠠᠬᠤ ᠬᠠᠷᠠᠯᠳᠠ ᠶᠢ ᠲᠦᠷᠭᠡᠨ  ᠪᠡᠶᠡᠯᠡᠬᠦᠯᠵᠦ᠂ ︽ᠬᠠᠯᠳᠠᠪᠤᠷᠢᠳᠦ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠪᠠ ︽ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠭᠳᠠᠭᠠᠯ︾ ᠵᠡᠷᠭᠡ ᠬᠠᠮᠢᠶ᠎ᠠ ᠪᠦᠬᠦᠢ ᠬᠠᠥᠯᠢ ᠴᠠᠭᠠᠵᠠ ᠬᠠᠥᠯᠢ ᠲᠤᠭᠳᠠᠭᠠᠯ ᠢ ᠦᠨᠳᠦᠰᠦᠯᠡᠨ᠂ ᠬᠤᠳᠠ᠂ ᠬᠤᠰᠢᠭᠤᠨ ᠤ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠤᠰᠤᠭᠠᠷ᠂ ᠡᠳᠦᠭᠡ ᠰᠠᠭᠤᠭᠠᠯᠢ ᠠᠷᠠᠳ ᠤᠨ ᠪᠠᠭ᠎ᠠ ᠲᠤᠭᠤᠷᠢᠭ ︵ᠲᠤᠰᠬᠤᠨ︶ ᠤᠨ ᠤᠷᠤᠵᠦ ᠭᠠᠷᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠭᠬᠠᠬᠤ ᠬᠤᠯᠪᠤᠭᠳᠠᠯ ᠪᠦᠬᠦᠢ ᠤᠴᠢᠷ ᠶᠠᠪᠤᠳᠠᠯ ᠢ ᠲᠤᠤᠷᠠᠬᠢ ᠮᠡᠳᠦ ᠵᠠᠷᠯᠠᠶ᠎ᠠ᠄      ᠨᠢᠭᠡ᠂ ᠲᠤᠰ ᠡᠳᠦᠷ ᠠᠴᠠ ᠡᠬᠢᠯᠡᠨ᠂ ᠪᠦᠬᠦ ᠬᠤᠰᠢᠭᠤᠨ ᠤ ᠡᠯ᠎ᠡ ᠰᠠᠭᠤᠭᠠᠯᠢ ᠠᠷᠠᠳ ᠤᠨ ᠲᠤᠭᠤᠷᠢᠭ ︵ᠲᠤᠰᠬᠤᠨ︶ ᠲᠤ ᠪᠢᠳᠡᠬᠦᠮᠵᠢᠯᠡᠭᠰᠡᠨ ᠬᠠᠮᠢᠶᠠᠷᠤᠯᠳᠠ ᠶᠢ ᠬᠡᠷᠡᠭᠵᠢᠭᠦᠯᠵᠦ᠂ ᠵᠦᠪᠬᠡᠨ ᠨᠢᠭᠡ ᠯᠡ ᠤᠷᠤᠵᠦ ᠭᠠᠷᠬᠤ ᠠᠮᠠ ᠦᠯᠡᠳᠡᠭᠡᠵᠦ᠂ ᠪᠤᠰᠤᠳ ᠤᠷᠤᠵᠦ ᠭᠠᠷᠬᠤ ᠠᠮᠠ ᠶᠢ ᠪᠢᠳᠡᠭᠦᠮᠵᠢᠯᠡᠨ᠎ᠡ᠃      ᠬᠤᠶᠠᠷ᠂ ᠪᠠᠭ᠎ᠠ ᠲᠤᠭᠤᠷᠢᠭ ︵ᠲᠤᠰᠬᠤᠨ︶ ᠢᠶᠠᠷ ᠤᠷᠤᠵᠦ ᠭᠠᠷᠬᠤ ᠲᠡᠷᠭᠡ ᠬᠦᠰᠬᠡ ᠪᠤᠯᠤᠨ ᠬᠦᠮᠦᠰ ᠲᠤ ᠦᠨᠡᠨ ᠨᠡᠷ᠎ᠡ ᠪᠠᠷ   ᠢᠶᠠᠨ ᠲᠠᠩᠰᠠᠯᠠᠨ ᠬᠠᠮᠢᠶᠠᠷᠬᠤ ᠶᠢ ᠬᠡᠷᠡᠭᠵᠢᠭᠦᠯᠵᠦ᠂ ᠰᠠᠭᠤᠭᠠᠯᠢ ᠠᠷᠠᠳ  ᠴᠢᠬᠤᠯᠠ ᠦᠭᠡᠢ ᠪᠤᠯ ᠭᠠᠳᠠᠭᠰᠢ ᠭᠠᠷᠬᠤ  ᠦᠭᠡᠢ᠃ ᠭᠠᠳᠠᠨ᠎ᠠ ᠠᠴᠠ ᠢᠷᠡᠭᠰᠡᠨ ᠬᠦᠮᠦᠰ ᠢ ᠴᠢᠩᠭ᠎ᠠ ᠬᠠᠮᠢᠶᠠᠷᠤᠨ ᠡᠵᠡᠮᠳᠡᠵᠦ᠂ ᠦᠨᠡᠨᠬᠦ ᠤᠷᠤᠬᠤ ᠴᠢᠬᠤᠯᠠ ᠲᠠᠢ ᠪᠤᠯ᠂ ᠡᠷᠬᠡᠪᠰᠢ ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠤᠨ ᠰᠠᠭᠤᠭᠠᠯᠢ ᠠᠷᠠᠳ  ᠤᠨ ᠵᠦᠪᠯᠡᠯ ᠢᠶᠠᠷ ᠵᠦᠪᠰᠢᠶᠡᠷᠡᠭᠦᠯᠬᠦ ᠶᠢᠨ ᠬᠠᠮᠳᠦ48 ᠴᠠᠭ ᠤᠨ ᠲᠤᠳᠤᠷᠠᠬᠢ ᠪᠦᠭᠡᠮ ᠬᠦᠴᠢᠯ ᠤᠨ ᠪᠠᠶᠢᠴᠠᠭᠠᠨ ᠰᠢᠯᠭᠠᠵᠦ᠂ ᠠᠮᠠᠪᠴᠢ  ᠵᠡᠭᠦᠵᠦ᠂ ᠪᠡᠶ᠎ᠡ ᠶᠢᠨ ᠲᠤᠯᠠᠭᠠᠨ ᠤ ᠬᠡᠮᠵᠢᠶ᠎ᠡ ᠨᠢ ᠬᠡᠪ ᠤᠨ ᠪᠠᠶᠢᠳᠠᠯ ᠲᠤᠤᠷ᠎ᠠ᠂ ᠰᠠᠶᠢᠳᠤᠷ ᠲᠠᠩᠰᠠᠯᠠᠨ ᠲᠡᠮᠳᠡᠭᠯᠡᠭᠰᠡᠨ ᠤ ᠲᠠᠷᠠᠭ᠎ᠠ ᠰᠠᠶ᠋ᠢ ᠤᠷᠤᠵᠦ ᠪᠤᠯᠤᠨ᠎ᠠ᠃      ᠭᠤᠷᠪᠠ᠂ ᠠᠶᠤᠯ ᠲᠦᠭᠰᠢᠭᠦᠷᠢ ᠶᠡᠬᠡᠳᠡᠢ ᠭᠠᠵᠠᠷ ᠤᠷᠤᠨ ᠤ ᠬᠦᠮᠦᠰ ᠵᠢᠴᠢ ᠲᠡᠷᠭᠡ ᠬᠦᠰᠭᠡ ᠰᠠᠭᠤᠭᠠᠯᠢ ᠠᠷᠠᠳ ᠤᠨ ᠪᠠᠭ᠎ᠠ ᠲᠤᠭᠤᠷᠢᠭ ︵ᠲᠤᠰᠬᠤᠨ︶ ᠲᠤ ᠤᠷᠤᠬᠤ ᠶᠢ ᠡᠷᠡᠰ  ᠴᠠᠭᠠᠵᠠᠯᠠᠨ᠎ᠠ᠃ ᠲᠤᠮᠳᠠ ᠲᠦᠭᠰᠢᠭᠦᠷᠢ  ᠲᠠᠢ ᠭᠠᠵᠠᠷ  ᠤᠷᠤᠨ ᠠᠴᠠ ᠪᠤᠴᠠᠵᠦ ᠢᠷᠡᠭᠰᠡᠨ ᠬᠦᠮᠦᠰ ︵ᠡᠰᠡᠭᠦᠯ᠎ᠡ ᠡᠷᠡᠭᠦᠯ ᠮᠡᠨᠳᠦ ᠶᠢᠨ ᠺᠤᠳ᠋ ᠪᠠ ᠠᠶᠠᠯᠠᠯ ᠤᠨ ᠺᠤᠳ᠋ ᠤᠨ ᠲᠤᠳᠤᠷᠠᠬᠢ ᠨᠢᠭᠡ ᠺᠤᠳ᠋ ᠨᠢ ᠰᠢᠷ᠎ᠠ ᠺᠤᠳ᠋︶ ᠲᠤ ︽14 ᠡᠳᠦᠷ ᠭᠡᠷ ᠲᠤ ᠨᠢ ᠲᠤᠰᠭᠠᠷᠯᠠᠬᠤ +5 ᠤᠳᠠᠭ᠎ᠠ ᠶᠢᠨ ᠪᠦᠬᠡᠮ  ᠬᠦᠴᠢᠯ ᠤᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂14 ᠡᠳᠦᠷ ᠭᠡᠷ ᠲᠤ ᠨᠢ ᠲᠤᠰᠭᠠᠷᠯᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠡᠷ ᠲᠤ ᠨᠢ ᠲᠤᠰᠭᠠᠷᠯᠠᠬᠤ ᠨᠦᠬᠦᠴᠡᠯ ᠳᠤ ᠨᠡᠶᠢᠴᠡᠬᠦ ᠦᠭᠡᠢ ᠪᠤᠯ ᠴᠦᠮ ᠲᠦᠪᠯᠡᠷᠡᠭᠦᠯᠦᠨ ᠲᠤᠰᠭᠠᠷᠯᠠᠬᠤ ᠶᠢ ᠬᠡᠷᠡᠭᠵᠢᠭᠦᠯᠦᠨ᠎ᠡ᠃      ᠲᠦᠷᠪᠡ᠂ ᠡᠯ᠎ᠡ ᠰᠤᠮᠤ ᠰᠢᠶᠠᠩ ᠪᠠᠯᠭᠠᠰᠤ ᠨᠡᠶᠢᠭᠡᠮ ᠲᠤᠭᠤᠷᠢᠭ ︵ᠲᠤᠰᠬᠤᠨ︶ ᠤᠨ ᠴᠠᠭ ᠢᠶᠠᠷ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠦ᠂ ᠲᠠᠭᠠᠭᠠᠴᠢᠯᠠᠨ ᠬᠠᠷᠢᠯᠴᠠᠵᠦ ᠪᠠᠶᠢᠬᠤ ᠪᠠᠶᠢᠭᠤᠯᠭ᠎ᠠ  ᠨᠡᠶᠢᠭᠡᠮ ᠲᠤᠭᠤᠷᠢᠭ ᠲᠤ ᠪᠠᠭᠤᠵᠦ᠂ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠂ ᠤᠷᠤᠵᠦ ᠭᠠᠷᠬᠤ ᠲᠠᠩᠰᠠᠯᠠᠯᠳᠠ ᠶᠢ ᠡᠷᠡᠰ ᠴᠢᠩᠭᠠᠳᠬᠠᠵᠦ᠂ ᠡᠳᠦᠷ ᠪᠦᠷᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠬᠦᠮᠦᠰ ᠤᠨ ᠤᠷᠤᠵᠦ ᠭᠠᠷᠤᠭᠰᠠᠨ ᠪᠠᠶᠢᠳᠠᠯ ᠢ ᠮᠡᠳᠡᠭᠦᠯᠬᠦ ᠬᠡᠷᠡᠭᠳᠡᠢ᠃      ᠲᠠᠪᠤ᠂ ᠪᠠᠭ᠎ᠠ ᠲᠤᠭᠤᠷᠢᠭ ︵ᠲᠤᠰᠬᠤᠨ︶ ᠲᠤ ᠤᠷᠤᠬᠤ ᠰᠢᠥᠳᠠᠨ ᠲᠦᠷᠭᠡᠨ ᠭᠦᠷᠭᠡᠯᠳᠡ᠂ ᠪᠠᠷᠠᠭᠠᠨ ᠤ ᠬᠦᠳᠡᠯᠭᠡᠭᠡᠨ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠲᠡᠭᠡᠭᠡᠪᠦᠷᠢᠯᠡᠨ ᠬᠦᠷᠭᠡᠬᠦ ᠵᠡᠷᠭᠡ ᠲᠡᠷᠭᠡ ᠬᠦᠰᠭᠡ  ᠳᠤ ᠡᠷᠬᠡᠪᠰᠢ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠯᠭᠤᠭᠰᠠᠨ ᠨᠡᠪᠳᠡᠷᠡᠬᠦ ᠭᠡᠷᠡᠴᠢ ᠲᠠᠢ ᠪᠠᠶᠢᠬᠤ ᠬᠡᠷᠡᠭᠳᠡᠢ᠂ ᠵᠢᠯᠤᠭᠤᠴᠢ᠂ ᠲᠦᠷᠭᠡᠨ ᠬᠦᠷᠭᠡᠭᠴᠢ ᠨᠢ ᠡᠷᠬᠡᠪᠰᠢ24 ᠴᠠᠭ ᠤᠨ ᠲᠤᠳᠤᠷᠠᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠳᠡᠢ᠂ ᠤᠷᠤᠵᠦ ᠭᠠᠷᠬᠤ  ᠳᠤ ᠪᠠᠨ ᠡᠷᠬᠡᠪᠰᠢ ᠲᠤᠭᠳᠠᠭᠠᠯ ᠶᠤᠰᠤᠭᠠᠷ  ᠠᠷᠢᠭᠤᠳᠬᠠᠬᠤ ᠬᠡᠷᠡᠭᠳᠡᠢ᠃      ᠵᠢᠷᠭᠤᠭ᠎ᠠ᠂ ᠭᠠᠯ ᠤᠨᠳᠠᠷᠠᠭᠠᠬᠤ᠂ ᠠᠪᠤᠷᠠᠨ ᠲᠤᠰᠠᠯᠠᠬᠤ᠂  ᠤᠷᠴᠢᠨ ᠲᠤᠭᠤᠷᠢᠨ ᠤ ᠠᠷᠢᠭᠤᠨ ᠴᠡᠪᠡᠷ᠂ ᠬᠤᠳᠠ ᠶᠢᠨ ᠶᠠᠪᠤᠳᠠᠯ ᠤᠨ ᠰᠡᠯᠪᠢᠨ ᠵᠠᠰᠠᠯᠳᠠ ᠵᠡᠷᠭᠡ ᠤᠨᠴᠠᠭᠠᠢ ᠠᠵᠢᠯ ᠤᠨ ᠲᠡᠷᠭᠡ ᠬᠦᠰᠭᠡ ᠰᠠᠭᠤᠭᠠᠯᠢ ᠠᠷᠠᠳ  ᠤᠨ ᠪᠠᠭ᠎ᠠ ᠲᠤᠭᠤᠷᠢᠭ ᠢ ᠨᠢ ᠬᠤᠪᠢᠶᠠᠷᠢᠯᠠᠨ ᠲᠤᠭᠳᠠᠭᠠᠵᠦ᠂ ᠨᠡᠶᠢᠭᠡᠮ ᠲᠤᠭᠤᠷᠢᠭ ︵ᠲᠤᠰᠬᠤᠨ︶ ᠤᠨ ᠰᠠᠭᠤᠭᠠᠯᠢ ᠠᠷᠠᠳ ᠠᠵᠢᠯᠯᠠᠬᠤ ᠲᠤᠭᠤᠷᠢᠭ ᠲᠤ ᠤᠷᠤᠬᠤ ᠶᠢ ᠡᠷᠡᠰ  ᠴᠠᠭᠠᠵᠠᠯᠠᠨ᠎ᠠ᠃      ᠲᠤᠯᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠨ ᠂ ᠰᠡᠷᠭᠡᠶᠢᠯᠡᠨ ᠡᠵᠡᠮᠳᠡᠬᠦ ᠡᠮᠬᠢ ᠲᠢᠭᠯᠢᠮ ᠢ ᠰᠠᠮᠠᠷᠠᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠢ ᠠᠴᠠ ᠪᠤᠯᠵᠦ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ ᠢ ᠨᠢ ᠲᠤᠳᠤᠭᠠᠳᠦ  ᠶᠢ ᠬᠠᠮᠠᠭᠠᠯᠠᠬᠤ ᠪᠠᠶᠢᠭᠤᠯᠭ᠎ᠠ ᠠᠴᠠ ᠬᠠᠥᠯᠢ ᠶᠤᠰᠤᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠲᠤᠰ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ ᠤᠨ ᠪᠠᠶᠢᠳᠠᠯ   ᠤᠨ ᠬᠤᠪᠢᠷᠠᠯᠳᠠ ᠶᠢ ᠦᠨᠳᠦᠰᠦᠯᠡᠨ ᠴᠠᠭ ᠲᠤᠬᠠᠢ ᠳᠤ ᠨᠢ ᠲᠤᠬᠢᠷᠠᠭᠤᠯᠤᠯᠳᠠ ᠬᠢᠨ᠎ᠡ᠃                                     ᠲᠠᠷᠬᠠᠨ  ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                               2022 ᠤᠨ ᠤ2 ᠰᠠᠷ᠎ᠠ ᠶᠢᠨ27 ᠤ ᠡᠳᠦᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号