ᠵᠢᠶᠠ ᠪᠦᠦ ᠯᠢᠶᠠᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠲᠤᠰᠬᠠᠶ  ᠵᠦᠢᠯ ᠤᠨ ᠵᠢᠭᠡᠯᠡᠯᠭᠡ ᠶᠢᠨ ᠲᠡᠮᠳᠡᠭᠲᠦ ᠪᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ  ᠵᠦᠢᠯᠡᠰ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/3/7
     3 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠰᠢᠭᠤᠨ ᠤ ᠲᠤᠰᠬᠠᠶ  ᠵᠦᠢᠯ ᠤᠨ ᠵᠢᠭᠡᠯᠡᠯᠭᠡ ᠶᠢᠨ ᠲᠡᠮᠳᠡᠭᠲᠦ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠨᠢ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ ᠬᠤᠯᠪᠣᠭᠳᠠᠨ᠎ᠠ᠂ ᠲᠤᠰᠬᠠᠶ  ᠵᠦᠢᠯ ᠤᠨ ᠵᠢᠭᠡᠯᠡᠯᠭᠡ ᠶᠢᠨ ᠲᠡᠮᠳᠡᠭᠲᠦ ᠪᠣᠯ ᠵᠠᠰᠠᠭ ᠤᠨ ᠣᠷᠳᠣᠨ ᠤ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠶ ᠪᠠᠯᠠ ᠮᠥᠩᠭᠦ ᠶᠢᠨ ᠢᠷᠡᠯᠲᠡ ᠶᠢᠨ ᠭᠤᠤᠯ ᠠᠷᠭ᠎ᠠ ᠵᠠᠮ ᠮᠥᠨ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠴᠢᠬᠤᠯᠠ ᠭᠠᠷᠳᠠᠴᠠ ᠮᠥᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠨᠢᠭᠡ ᠭᠤᠭᠴᠤᠭ᠎ᠠ ᠮᠥᠨ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠪᠠ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠴᠢᠷᠮᠠᠶᠢᠨ ᠬᠡᠷᠡᠭᠯᠡᠬᠦ ᠶᠢ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠤᠨ ᠠᠷᠠᠳ ᠲᠤ ᠠᠰᠢᠭ ᠬᠦᠷᠲᠡᠭᠡᠬᠦ ᠴᠢᠬᠤᠯᠠ ᠭᠠᠷᠳᠠᠴᠠ ᠪᠣᠯᠭᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠶᠢᠨ ᠬᠦᠴᠦᠲᠡᠶ ᠲᠤᠯᠭᠠᠭᠤᠷᠢᠯᠠᠯ ᠪᠣᠯᠭᠠᠵᠤ᠂ ᠮᠠᠨ ᠤ ᠬᠤᠰᠢᠭᠤᠨ ᠤ ᠠᠵᠤ ᠠᠬᠤᠶ ᠶᠢᠨ ᠪᠦᠲᠦᠮᠵᠢᠲᠡᠶ ᠳᠠᠶᠢᠴᠢᠯᠠᠯᠲᠠ ᠶᠢ ᠲᠦᠷᠭᠡᠬᠡᠨ ᠪᠣᠶ ᠪᠣᠯᠭᠠᠬᠤ ᠬᠡᠷᠡᠭᠲᠡᠶ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠪᠠᠶᠢᠳᠠᠯ ᠢ ᠵᠠᠳᠠᠯᠵᠤ᠂ ᠲᠥᠷᠥ ᠶᠢᠨ ᠪᠣᠳᠣᠯᠭ᠎ᠠ ᠶᠢ ᠡᠵᠡᠮᠰᠢᠬᠦ ᠬᠡᠷᠡᠭᠲᠡᠶ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠪᠠ ᠵᠢᠭᠡᠯᠡᠯᠭᠡ ᠶᠢᠨ ᠲᠡᠮᠳᠡᠭᠲᠦ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠰᠢᠵᠦ᠂ ᠲᠤᠯᠭᠠᠷᠠᠵᠤ ᠪᠠᠶᠢᠭ᠎ᠠ ᠠᠵᠠ ᠲᠣᠬᠢᠶᠠᠯ ᠢ ᠰᠡᠷᠭᠡᠭ ᠢᠶᠠᠷ ᠲᠠᠨᠢᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠮᠠᠨ ᠤ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠴᠢᠭᠯᠡᠯ ᠳᠤ ᠨᠡᠶᠢᠴᠡᠬᠦ ᠵᠢᠭᠡᠯᠡᠯᠭᠡ ᠶᠢᠨ ᠲᠡᠮᠳᠡᠭᠲᠦ ᠶᠢᠨ ᠲᠥᠷᠥᠯ   ᠵᠦᠢᠯ ᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠵᠤ᠂ ᠲᠥᠷᠥᠯ  ᠵᠦᠢᠯ ᠤᠨ ᠠᠮᠵᠢᠯᠲᠠ ᠤᠯᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ ᠰᠤᠳᠤᠯᠬᠤ ᠬᠡᠷᠡᠭᠲᠡᠢ᠃ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠣᠨ ᠤ  ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠬᠠᠮᠢᠶᠠᠷᠤᠯᠲᠠ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠥᠷᠥᠯ  ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠤᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠭᠠᠴᠢᠯᠠᠭᠰᠠᠨ ᠬᠥᠳᠡᠭᠡ ᠲᠣᠰᠬᠤᠨ᠂ ᠤᠶᠤᠨᠲᠤ ᠬᠤᠳᠠ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠵᠠᠰᠠᠯᠲᠠ ᠵᠡᠷᠭᠡ ᠰᠢᠨ᠎ᠡ ᠬᠦᠷᠢᠶᠡᠨ ᠤ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠲᠡᠶ᠃ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠳᠡᠢ᠃ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠳᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠰᠠᠶᠢᠲᠤᠷ  ᠬᠦᠢᠴᠡᠳᠭᠡᠵᠦ᠂ ᠲᠥᠷᠥᠯ  ᠵᠦᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠱᠠᠩᠨᠠᠵᠤ ᠲᠣᠷᠭᠠᠬᠤ ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠲᠤᠰᠬᠠᠶ  ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠭᠠᠷ ᠲᠠᠭᠠᠨ ᠠᠳᠬᠤᠵᠤ᠂ ᠪᠣᠳᠠᠲᠠᠶ ᠳᠤ ᠬᠡᠷᠡᠭᠯᠡᠬᠦ ᠪᠠᠷ ᠴᠢᠷᠮᠠᠶᠢᠬᠤ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠶ᠃ ᠲᠥᠷᠥᠯ  ᠵᠦᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠠᠷᠢᠯᠭ᠎ᠠ ᠪᠠᠷᠢᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠠᠭ ᠤᠨ ᠬᠦᠰᠦᠨᠦᠭᠲᠦ ᠵᠠᠮ ᠱᠤᠭᠤᠮ ᠤᠨ ᠵᠢᠷᠤᠭ ᠤᠨ ᠬᠠᠷᠢᠭᠤᠴᠠᠯᠭ᠎ᠠ ᠶᠢᠨ ᠪᠢᠴᠢᠭ ᠢ ᠲᠣᠳᠣᠷᠬᠠᠶᠢᠯᠠᠨ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠤᠷᠤᠭᠰᠢᠲᠠᠶ ᠠᠭᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号