ᠵᠢᠶᠠ ᠪᠦᠦ ᠯᠢᠶᠠᠩ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ  ᠦᠢᠯᠡᠳᠪᠦᠷᠢᠯᠡᠯ ᠵᠢᠴᠢ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/3/7
     3 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠷᠢᠳ ᠬᠤᠵᠢᠳ ᠥᠪᠥᠷ ᠮᠣᠩᠭᠤᠯ ᠤᠨ ᠬᠤᠸᠠ ᠳ᠋ᠢᠶᠠᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠶᠢᠨ ᠱᠢ ᠬᠦᠳᠡᠷ ᠰᠢᠯᠢᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠬᠦ ᠵᠢᠴᠢ ᠬᠤᠸᠠ  ᠳ᠋ᠢᠶᠠᠨ‌‍ᠴᠠᠬᠢᠯᠭᠠᠨ ᠱᠠᠲᠤ ᠶᠢᠨ ᠬᠤᠶᠠᠳᠠᠬᠢ ᠠᠰᠢᠭᠯᠠᠯᠲᠠ ᠶᠢᠨ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠬᠡᠪᠴᠢᠶᠡᠵᠢᠭᠦᠯᠬᠦ ᠢᠨᠵᠧᠨᠧᠷᠢᠩ ᠤᠨ ᠬᠡᠷᠡᠭᠯᠡᠭᠡᠨ ᠤ ᠵᠠᠩᠭᠢᠯᠠᠭ᠎ᠠ ᠶᠢᠨ ᠮᠡᠷᠭᠡᠵᠢᠯ ᠤᠨ ᠲᠥᠷᠥᠯ  ᠵᠦᠢᠯ᠂ ᠶᠢᠨ ᠤᠪᠤᠭ᠎ᠠ ᠹᠯᠣᠷ ᠤᠨ ᠬᠢᠮᠢ ᠶᠢᠨ ᠠᠵᠤ  ᠦᠢᠯᠡᠳᠪᠦᠷᠢ ᠶᠢᠨ ᠲᠥᠷᠥᠯ  ᠵᠦᠢᠯ ᠤᠨ ᠠᠬᠢᠴᠠ ᠶᠢᠨ ᠪᠠᠶᠢᠳᠠᠯ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠠᠵᠤ ᠠᠬᠤᠶᠢᠯᠠᠯ ᠪᠣᠯᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠵᠢᠶᠠ ᠪᠦᠦ ᠯᠢᠶᠠᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠠᠵᠢᠯᠯᠠᠭ᠎ᠠ᠂ ᠲᠤᠨᠤᠭ ᠲᠥᠬᠦᠭᠡᠷᠦᠮᠵᠢ ᠤᠭᠰᠠᠷᠠᠯᠲᠠ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠢᠯᠡᠳᠪᠦᠷᠢᠯᠡᠯ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠨᠡᠭᠡᠭᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢᠶᠠᠨ ᠰᠠᠶᠢᠲᠤᠷ ᠠᠳᠬᠤᠬᠤ ᠶᠢ ᠵᠣᠷᠢᠭᠵᠢᠭᠤᠯᠪᠠ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠢᠷᠡᠭᠡᠳᠦᠶ ᠶᠢ ᠪᠣᠳᠣᠯᠬᠢᠯᠠᠨ᠂ ᠤᠯᠤᠰ ᠲᠥᠷᠥ ᠶᠢ ᠡᠷᠬᠢᠮᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠳᠡᠭᠡᠳᠦ ᠬᠡᠮᠵᠢᠶᠡᠨ ᠠᠴᠠ ᠠᠵᠤ ᠠᠬᠤᠶᠢᠯᠠᠯ᠂ ᠲᠥᠷᠥᠯ ᠵᠦᠢᠯ ᠤᠨ ᠠᠶᠤᠯᠭᠦᠶ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠢᠩᠭ᠎ᠠ ᠠᠳᠬᠤᠬᠤ ᠬᠡᠷᠡᠭᠲᠡᠶ᠃ ᠨᠠᠷᠢᠨ ᠬᠢᠨᠠᠮᠠᠭᠠᠢ ᠬᠠᠷᠢᠴᠠᠭᠤᠯᠤᠨ ᠪᠠᠶᠢᠴᠠᠭᠠᠵᠤ᠂ ᠢᠮᠠᠭᠲᠠ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠣᠪᠣᠷ ᠢᠶᠠᠷ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠠᠷᠭ᠎ᠠ  ᠬᠡᠮᠵᠢᠶ᠎ᠡ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠶᠤᠸᠠᠨ  ᠰᠢᠦᠢ᠂ ᠬᠤ᠋ ᠴᠢᠶᠠᠩ᠂ ᠵᠢᠢ ᠴᠢᠤᠸᠠᠨ ᠵᠦ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠳ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号