ᠵᠢᠪᠬᠤᠯᠠᠩᠳᠦ ᠭᠠᠴᠠᠭ᠎ᠠ ᠭᠠᠴᠠᠭᠠᠨ ᠤ ᠡᠮᠡᠭᠳᠡᠶᠢᠴᠣᠳ ᠢᠶᠠᠨ ᠬᠠᠯᠠᠮᠵᠢᠯᠠᠨ  ᠲᠤᠬᠤᠨᠢᠭᠤᠯᠤᠭᠰᠠᠨ
ᠨᠡᠶᠢᠲᠡᠯᠡᠭᠰᠡᠨ ᠴᠠᠭ᠄
2022/3/9
     ︽3.8︾ ᠤ ᠲᠡᠯᠡᠬᠡᠢ ᠶᠢᠨ ᠡᠮᠡᠭᠳᠡᠶᠢᠴᠤᠳ ᠤᠨ ᠪᠠᠶᠠᠷ ᠬᠦᠷᠴᠦ ᠢᠷᠡᠬᠦ ᠲᠠᠰᠢᠷᠡᠮ ᠢᠶᠠᠷ ᠪᠠᠶᠠᠠᠬᠤᠸᠠ ᠪᠠᠯᠭᠠᠰᠤᠨ ᠤ ᠵᠢᠪᠬᠤᠯᠠᠩᠳᠦ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ ᠪᠠᠶᠠᠷ ᠤᠨ ᠡᠳᠦᠷ ᠤᠨ ᠰᠠᠶᠢᠨ ᠰᠠᠶᠢᠬᠠᠨ ᠢᠷᠦᠭᠡᠯ ᠵᠦᠩᠨᠡᠯ ᠢ ᠡᠪᠦᠷᠯᠡᠨ ᠭᠠᠴᠠᠭᠠᠨ ᠤ ᠪᠠᠨ ᠶᠠᠳᠠᠭᠤ ᠬᠦᠴᠢᠷᠳᠡᠯᠳᠡᠢ ᠡᠮᠡᠭᠳᠡᠢ ᠲᠤᠶᠠᠭ᠎ᠠ ᠶᠢᠨ ᠭᠡᠷ  ᠲᠤ ᠬᠦᠷᠴᠦ ᠪᠠᠶᠠᠷ ᠤᠨ ᠡᠳᠦᠷ ᠤᠨ ᠮᠡᠨᠳᠦᠴᠢᠯᠠᠯ ᠬᠦᠷᠭᠡᠨ᠂ ᠡᠮᠡᠭᠳᠡᠶᠢᠴᠤᠳ ᠪᠠ ᠪᠠᠭᠠᠴᠤᠤᠯ ᠬᠡᠥᠬᠡᠳ ᠤᠨ ᠬᠠᠥᠯᠢ ᠲᠦᠷᠢᠮ ᠤᠨ ᠤᠬᠠᠭᠤᠯᠭ᠎ᠠ ᠶᠢ ᠲᠠᠶᠢᠯᠪᠦᠷᠢᠯᠠᠵᠦ ᠦᠭᠬᠦ ᠶᠢᠨ ᠬᠠᠮᠳᠦ ᠲᠤᠳᠤᠨᠤ ᠪᠠᠷ ᠶᠠᠷᠢᠯᠴᠠᠨ ᠦᠷ᠎ᠡ ᠭᠡᠥᠭᠡᠳ ᠤᠨ ᠬᠢᠨᠢ ᠪᠠᠶᠢᠳᠠᠯ ᠪᠠ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠢ ᠰᠤᠨᠤᠰᠴᠦ ᠲᠤᠬᠤᠨᠢᠭᠤᠯᠭ᠎ᠠ ᠶᠢᠨ ᠡᠳ᠋ ᠪᠤᠳᠠᠰ ᠦᠭᠴᠦ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠵᠦ ᠦᠭᠭᠦᠭᠰᠡᠨ ᠪᠠᠶᠢᠨ᠎ᠠ᠃ ᠡᠭᠦᠨ ᠤ ᠬᠠᠮᠳᠦ ᠵᠢᠪᠬᠤᠯᠠᠩᠳᠦ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ ᠪᠠᠰᠠ ᠭᠠᠴᠠᠭᠠᠨ ᠤ ᠬᠤᠶᠠᠷ ᠵᠦᠪᠯᠡᠯ ᠤᠨ  ᠬᠡᠰᠢᠭᠦᠳ ᠤᠨ ᠭᠡᠷ ᠪᠦᠯᠢ ᠶᠢᠨ ᠬᠢᠨ   ᠢ ᠪᠤᠯᠭᠤᠭᠠᠨ ᠲᠤᠬᠤᠨᠢᠭᠤᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠴᠠᠭ ᠢᠶᠠᠷ ᠲᠡᠳᠡᠨ ᠤ ᠭᠠᠴᠠᠭᠠᠨ ᠤ ᠬᠤᠶᠠᠷ ᠵᠦᠪᠯᠡᠯ ᠤᠨ ᠬᠡᠰᠢᠭᠦᠳ ᠤᠨ ᠠᠵᠢᠯ ᠳᠤ ᠠᠷᠤ ᠲᠠᠯ᠎ᠠ ᠶᠢᠨ ᠬᠦᠴᠦᠨ ᠬᠠᠩᠭᠠᠭᠰᠠᠨ ᠳᠤ ᠪᠠᠶᠠᠷᠯᠠᠵᠦ ᠲᠠᠯᠠᠷᠬᠠᠭᠰᠠᠨ ᠰᠡᠳᠬᠢᠯᠬᠡ ᠪᠠᠨ ᠢᠯᠡᠳᠬᠡᠵᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号