ᠲᠠᠷᠬᠠᠨ  ᠮᠤᠤᠮᠢᠩᠭᠠᠨ ᠬᠤᠯᠪᠤᠭᠠᠳᠦ  ᠬᠤᠰᠢᠭᠤᠨ ᠤ ︽ᠤᠮᠠᠷᠠᠳᠦ ᠬᠢᠯᠢ ᠶᠢᠨ ᠬᠠᠮᠳᠤᠷᠠᠭᠰᠠᠨ ᠨᠠᠮ ᠤᠨ ᠬᠤᠷᠢᠶ᠎ᠠ︾ ᠰᠤᠷᠳᠠᠯ ᠴᠡᠭᠴᠡᠯᠡᠯᠳᠡ ᠪᠠᠨ ᠴᠢᠩᠭᠠᠳᠬᠠᠵᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/4/11
     ᠰᠢ ᠶᠢᠨ ᠫᠢᠩ ᠶᠡᠷᠦᠩᠭᠡᠢ ᠱᠦᠵᠢ ᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠠᠢ ᠴᠢᠬᠤᠯᠠ ᠦᠭᠦᠯᠡᠯᠳᠡ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠨᠠᠮ  ᠤᠨ ᠬᠡᠰᠢᠬᠦᠨ ᠺᠠᠳ᠋ᠷᠴᠤᠳ ᠤᠨ ᠬᠡᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠤᠶᠤᠨ ᠰᠠᠨᠠᠭᠠᠨ ᠤ ᠲᠦᠷᠰᠦ ᠪᠠᠶᠢᠳᠠᠯ᠂ ᠰᠡᠳᠭᠢᠭᠦᠢ ᠶᠢᠨ ᠴᠢᠳᠠᠪᠦᠷᠢ ᠪᠠ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠦ ᠂ ᠦᠨᠳᠦᠷ ᠬᠡᠪ ᠪᠤᠯᠪᠠᠰᠤᠷᠠᠯ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠦᠢᠯᠡᠴᠢᠯᠡᠭᠦᠯᠬᠦ ᠶᠢᠨ ᠲᠦᠯᠦᠭᠡ4 ᠰᠠᠷ᠎ᠠ ᠶᠢᠨ7 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠮᠠᠷᠠᠳᠦ ᠬᠢᠯᠢ ᠶᠢᠨ ᠬᠠᠮᠳᠤᠷᠠᠭᠰᠠᠨ ᠨᠠᠮ ᠤᠨ ᠬᠤᠷᠢᠶ᠎ᠠ ᠮᠠᠨᠳᠤᠯ ᠪᠠᠯᠭᠠᠰᠤᠨ ᠤ ᠤᠮᠠᠷᠠᠳᠦ ᠬᠢᠯᠢ ᠶᠢᠨ ᠬᠤᠪᠢᠰᠬᠠᠯ ᠤᠨ ᠬᠦᠮᠦᠵᠢᠯ ᠤᠨ ᠰᠠᠭᠤᠷᠢᠨ ᠭᠠᠵᠠᠷ ᠲᠤ ᠬᠤᠶᠠᠷ ᠡᠳᠦᠷ ᠤᠨ ᠬᠤᠭᠤᠴᠠᠭ᠎ᠠ ᠲᠠᠢ ᠰᠤᠷᠳᠠᠯ ᠢᠶᠠᠨ ᠬᠤᠪᠢᠷᠠᠭᠤᠯᠤᠨ ᠨᠠᠶᠢᠳᠠᠪᠦᠷᠢᠵᠢᠭᠤᠯᠤᠯᠳᠠ ᠶᠢ ᠠᠳᠬᠤᠵᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠲᠤᠰᠬᠠᠢ ᠰᠡᠳᠦᠪᠳᠦ ᠪᠤᠯᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ᠃  ᠮᠠᠨᠳᠤᠯ ᠪᠠᠯᠭᠠᠰᠤ᠂ ᠪᠠᠶ᠋ᠬᠠᠬᠤᠸᠠ ᠪᠠᠯᠭᠠᠰᠤ᠂ ᠴᠠᠭᠠᠠᠬᠠᠳᠠ ᠰᠤᠮᠤ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠭᠠᠴᠠᠭᠠᠨ ᠤ ︽ᠬᠤᠶᠠᠷ ᠵᠦᠪᠯᠡᠯ︾ ᠤᠨ ᠭᠡᠰᠢᠬᠦᠨ᠂ ᠨᠢᠭᠡᠳᠦᠭᠡᠷ ᠱᠦᠵᠢ᠂ ᠲᠤᠰᠬᠤᠨ ᠳᠤ ᠰᠠᠭᠤᠭ᠎ᠠ ᠺᠠᠳ᠋ᠷ᠂ ᠨᠠᠮ ᠤᠨ ᠬᠡᠰᠢᠭᠦᠳ ᠵᠢᠴᠢ ᠬᠡᠰᠡᠭ ᠠᠷᠠᠳ ᠤᠨ ᠲᠦᠯᠦᠭᠡᠯᠡᠭᠴᠢ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠪᠠᠰᠤᠷᠠᠯ ᠳᠤ ᠤᠷᠤᠯᠴᠠᠪᠠ᠃      ᠪᠤᠯᠪᠠᠰᠤᠷᠠᠯ ᠡᠬᠢᠯᠡᠬᠦ ᠶᠤᠰᠤᠯᠠᠯ ᠲᠡᠭᠡᠷ᠎ᠡ᠂ ᠤᠮᠠᠷᠠᠳᠦ ᠬᠢᠯᠢ ᠶᠢᠨ ᠬᠠᠮᠳᠤᠷᠠᠭᠰᠠᠨ ᠨᠠᠮ ᠤᠨ ᠬᠤᠷᠢᠶ᠎ᠠ ᠶᠢᠨ ᠱᠦᠵᠢ᠂ ᠮᠠᠨᠳᠤᠯ ᠪᠠᠯᠭᠠᠰᠤᠨ ᠤ ᠬᠠᠷᠢᠭᠤᠴᠠᠯᠭᠠᠳᠠᠨ ᠠᠴᠠ ︽ᠦᠨᠳᠦᠰᠦᠨ ᠱᠠᠳᠤᠨ ᠤ ᠨᠠᠮ ᠤᠨ ᠬᠡᠰᠢᠭᠦᠨ ᠺᠠᠳ᠋ᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠳᠤ ᠶᠠᠮᠠᠷ ᠶᠠᠩᠵᠦ ᠶᠢᠨ ᠰᠤᠷᠳᠠᠯ ᠱᠠᠭᠠᠷᠳᠠᠭᠳᠠᠬᠤ ᠪᠤᠢ ︾ ᠬᠡᠭᠦ ᠭᠤᠤᠯ ᠰᠡᠳᠦᠪ ᠤᠨ ᠲᠤᠭᠤᠷᠢᠨ ᠳᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠵᠠᠩᠭᠢᠯᠭ᠎ᠠ ᠶᠢᠨ ᠠᠰᠠᠭᠤᠳᠠᠯ ᠢ ᠲᠤᠳᠤᠷᠬᠠᠶᠢᠯᠠᠵᠦ᠂ ᠤᠳᠤᠬᠠᠨ ᠤ ᠤᠮᠠᠷᠠᠳᠦ ᠬᠢᠯᠢ ᠶᠢᠨ ᠬᠠᠮᠳᠤᠷᠠᠭᠰᠠᠨ ᠨᠠᠮ ᠤᠨ ᠬᠤᠷᠢᠶᠠᠨ ᠤ ᠨᠠᠮ ᠤᠨ ᠬᠡᠰᠢᠭᠦᠨ ᠺᠠᠳ᠋ᠷᠴᠤᠳ ᠤᠨ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢᠶᠠᠨ ᠰᠡᠷᠭᠡᠭ ᠢᠶᠠᠷ ᠲᠠᠨᠢᠵᠦ᠂ ᠬᠦᠴᠦᠷᠭᠡᠭ ᠶᠡᠭᠡ ᠤᠶᠠᠨ ᠬᠠᠳᠠᠨ ᠴᠢᠨᠠᠷ ᠪᠠ ᠡᠷᠡᠰ ᠵᠤᠷᠢᠭ ᠢᠶᠠᠷ ᠨᠠᠮ ᠤᠨ ᠪᠠᠶᠢᠭᠤᠯᠤᠯᠳᠠ ᠶᠢ ᠴᠢᠩᠭᠠᠳᠬᠠᠵᠦ᠂ ᠨᠠᠮ ᠤᠨ ᠬᠡᠪ ᠰᠤᠷᠳᠠᠯ ᠢ ᠡᠷᠬᠡᠪᠰᠢ ᠴᠢᠩᠭ᠎ᠠ ᠪᠠᠷᠢᠮᠳᠠᠯᠠᠬᠤ ᠬᠡᠷᠡᠭᠳᠡᠢ᠃ ︽ᠨᠠᠶᠢᠮᠠ ᠶᠢ ᠡᠪᠳᠡᠵᠦ  ᠨᠠᠶᠢᠮᠠ ᠶᠢ ᠪᠠᠶᠢᠭᠤᠯᠬᠤ︾ ᠬᠠᠭᠤᠴᠢᠨ ᠠᠷᠬᠠᠭ ᠢ ᠡᠪᠳᠡᠵᠦ᠂ ᠰᠢᠨ᠎ᠡ ᠰᠤᠷᠳᠠᠯ ᠢ ᠪᠤᠢ ᠪᠤᠯᠭᠠᠬᠤ ᠪᠠᠷ ᠭᠤᠤᠯᠳᠠᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠨᠦᠯᠦᠭᠡᠯᠡᠬᠦ ᠡᠯ᠎ᠡ ᠵᠦᠢᠯ ᠤᠨ ᠰᠤᠷᠳᠠᠯ ᠤᠨ ᠠᠰᠠᠭᠤᠳᠠᠯ ᠢ ᠦᠨᠡᠨᠬᠦ ᠡᠷᠢᠨ ᠭᠠᠷᠭᠠᠵᠦ᠂ ᠲᠤᠶᠢᠯᠪᠤᠷᠢᠳᠡᠢ ᠦᠬᠡᠷᠡᠴᠢᠯᠡᠵᠦ᠂ ᠬᠦᠳᠡᠭᠡ  ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠡᠶᠡᠯᠡᠬᠦᠯᠬᠦ ᠳᠤ ᠴᠢᠬᠤᠯᠠ ᠬᠡᠪ ᠰᠤᠷᠳᠠᠯ ᠤᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃      ᠬᠤᠶᠠᠷ ᠡᠳᠦᠷ ᠤᠨ ᠪᠤᠯᠪᠠᠰᠤᠷᠠᠯ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ︽ᠰᠠᠶᠢᠨ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠤᠨ᠎ᠠ — ᠬᠡᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠬᠠᠢ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠦᠬᠦᠯᠡᠯᠳᠡ ᠶᠢᠨ ᠲᠠᠶᠢᠯᠦᠮᠵᠢ︾ ᠬᠡᠭᠦ ᠰᠡᠳᠦᠪ ᠢᠶᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠬᠠᠢ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠦᠬᠦᠯᠡᠯᠳᠡ ᠶᠢᠨ ᠵᠤᠷᠢᠭ ᠰᠠᠨᠠᠭ᠎ᠠ   ᠶᠢ ᠬᠦᠨᠵᠡᠭᠡᠢ ᠲᠠᠶᠢᠯᠪᠤᠷᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠠᠭᠰᠢ  ᠠᠴᠠ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠲᠤᠰᠬᠠᠢ ᠰᠡᠳᠦᠪᠳᠦ ᠲᠠᠶᠢᠯᠤᠮᠵᠢ ᠬᠢᠵᠦ᠂ ᠮᠠᠨᠳᠤᠯ ᠪᠠᠯᠭᠠᠰᠦ᠂ ᠪᠠᠶᠠᠠᠬᠤᠸᠠ ᠪᠠᠯᠭᠠᠰᠤ ᠪᠤᠯᠤᠨ ᠴᠠᠭᠠᠠᠬᠠᠳᠠ ᠰᠤᠮᠤ ᠶᠢᠨ ᠬᠤᠯᠪᠤᠭᠳᠠᠯ ᠪᠦᠬᠦᠢ ᠤᠳᠤᠷᠢᠳᠤᠯᠭ᠎ᠠ ᠨᠠᠮ ᠤᠨ ᠪᠠᠶᠢᠭᠤᠯᠤᠯᠳᠠ ᠶᠢ ᠠᠳᠬᠤᠵᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠢ ᠬᠦᠭᠵᠢᠬᠦᠯᠬᠦ ᠲᠦᠷᠦ ᠶᠢᠨ ᠪᠤᠳᠤᠯᠭ᠎ᠠ᠂ ᠬᠠᠮᠳᠦ ᠶᠢᠨ ᠠᠵᠦ ᠠᠬᠤᠢ ᠶᠢ ᠬᠡᠷᠬᠢᠨ ᠬᠦᠭᠵᠢᠬᠦᠯᠦᠨ ᠪᠤᠵᠠᠭᠠᠶᠢᠷᠠᠭᠤᠯᠬᠤ ᠵᠡᠷᠭᠡ ᠦᠢᠯᠡᠳᠦᠯᠭᠡ ᠶᠢᠨ ᠲᠤᠭᠤᠷᠢᠨ ᠳᠤ ᠪᠤᠳᠠᠳᠠᠢ ᠵᠢᠱᠢᠶ᠎ᠡ ᠪᠠᠷ  ᠵᠠᠳᠠᠯᠤᠵᠦ᠂ ᠠᠵᠢᠯ ᠤᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠳᠤ  ᠬᠦᠨᠵᠡᠭᠡᠢ ᠲᠠᠶᠢᠯᠤᠮᠵᠢ ᠬᠢᠵᠦ᠂ ᠦᠨᠳᠦᠰᠦᠨ ᠱᠠᠳᠤᠨ ᠤ ᠨᠠᠮ ᠤᠨ ᠬᠡᠰᠢᠬᠦᠨ ᠺᠠᠳ᠋ᠷ ᠲᠤ ᠦᠪᠡᠷ ᠢ ᠪᠠᠨ ᠴᠡᠨᠡᠭᠯᠡᠬᠦ ᠮᠠᠰᠢ ᠰᠠᠶᠢᠨ ᠪᠤᠯᠪᠠᠰᠤᠷᠠᠯ ᠪᠤᠯᠤᠭᠰᠠᠨ ᠶᠤᠮ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号