ᠬᠠᠪᠤᠷ ᠴᠠᠭ ᠲᠦᠯ ᠮᠠᠯ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠶ᠎ᠡ
ᠨᠡᠶᠢᠲᠡᠯᠡᠭᠰᠡᠨ ᠴᠠᠭ᠄
2022/4/12
     ᠮᠠᠯ ᠤᠨ ᠪᠤᠶᠠᠨ ᠢᠶᠠᠨ ᠲᠡᠭᠡᠳᠦᠯᠡᠨ ᠠᠮᠢᠳᠤᠷᠠᠳᠠᠭ ᠮᠠᠯᠴᠢᠨ ᠲᠦᠮᠡᠨ ᠮᠠᠨᠢ ᠲᠦᠯ ᠲᠤᠰᠬᠤ ᠴᠠᠭ ᠢ ᠬᠠᠪᠤᠷ ᠪᠤᠯᠤᠯ᠎ᠠ ᠲᠦᠮᠡᠨ ᠪᠤᠳᠠᠰ ᠠᠮᠢᠯᠠᠨ ᠲᠦᠯᠵᠢᠯ᠎ᠡ ᠬᠡᠮᠡᠨ ᠪᠡᠯᠬᠡᠰᠢᠶᠡᠵᠦ᠂ ᠡᠨᠡ ᠨᠢ ᠮᠦᠨ ᠴᠦ ᠮᠠᠯᠴᠢᠨ ᠬᠦᠮᠦᠨ ᠤ ᠬᠦᠳᠡᠯᠮᠦᠷᠢ ᠤᠬᠠᠭᠠᠨ ᠢ ᠰᠢᠯᠭᠠᠭᠰᠠᠨ ᠴᠠᠭ ᠪᠤᠯᠳᠠᠭ ᠪᠠᠶᠢᠨ᠎ᠠ᠃
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠯ ᠠᠵᠦ ᠠᠬᠤᠢ ᠶᠢᠨ ᠠᠵᠢᠯᠯᠠᠬᠤ ᠦᠷᠳᠡᠭᠡᠨ ᠤ ᠮᠠᠯ  ᠤᠨ ᠡᠮᠴᠢ᠂ ᠪᠠᠳᠤᠬᠠᠭᠠᠯᠭ᠎ᠠ ᠪᠠᠯᠭᠠᠰᠤᠨ ᠤ ᠲᠠᠪᠤᠨ ᠡᠷᠳᠡᠨᠢ ᠮᠠᠯ ᠤᠨ ᠡᠮ ᠤᠨ ᠲᠡᠯᠭᠡᠭᠦᠷ ᠤᠨ ᠡᠵᠡᠨ ᠡᠷᠳᠡᠨᠢᠰᠦ᠋ᠬᠡ  ᠶᠢᠨ ᠬᠤᠪᠢ ᠳᠤ ᠬᠠᠪᠤᠷ ᠤᠨ ᠤᠯᠠᠷᠢᠯ ᠨᠢ ᠲᠡᠭᠦᠨ ᠤ ᠬᠠᠮᠤᠭ ᠶᠠᠭᠠᠷᠠᠥ ᠴᠠᠭ ᠪᠠᠶᠢᠵᠦ᠂ ᠡᠳᠦᠷᠵᠢᠨ ᠡᠷᠳᠡᠯᠡᠨ ᠮᠠᠯᠴᠢᠨ ᠡᠷᠦᠬᠡ ᠤᠳ ᠢᠶᠠᠷ ᠰᠡᠷᠭᠡᠶᠢᠯᠡᠯᠳᠡ ᠶᠢᠨ ᠵᠡᠭᠦᠦ ᠲᠠᠯᠪᠢᠬᠤ ᠬᠤᠷᠤᠬᠠᠢ ᠲᠠᠭᠤᠬᠤ ᠡᠮ ᠴᠢᠳᠬᠤᠬᠤ ᠵᠡᠷᠭᠡ ᠮᠠᠯ ᠡᠮᠨᠡᠯᠭᠡ ᠶᠢᠨ ᠤᠯᠠᠨ ᠶᠠᠩᠵᠦ ᠶᠢᠨ ᠦᠢᠯᠡᠴᠢᠯᠡᠭᠡ ᠬᠢᠵᠦ ᠶᠠᠭᠠᠷᠠᠳᠠᠭ ᠪᠢᠯᠡ᠃
     ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠤᠰᠠ ᠲᠡᠮᠵᠢᠯᠭᠡ ᠪᠤᠯᠭᠠᠬᠤ ᠵᠤᠷᠢᠯᠭ᠎ᠠ ᠪᠠᠷ ᠡᠷᠳᠡᠨᠢᠰᠦ᠋ᠭᠡ ᠡᠮᠴᠢ ᠠᠴᠠ ᠬᠠᠪᠤᠷ ᠴᠠᠭ ᠤᠨ ᠲᠦᠯ ᠮᠠᠯ ᠤᠨ ᠰᠡᠷᠭᠡᠶᠢᠯᠡᠬᠦ ᠴᠢᠬᠤᠯᠠ ᠲᠠᠢ ᠡᠪᠡᠳᠴᠢᠨ ᠢ ᠡᠶᠢᠨᠬᠦ ᠰᠠᠨᠠᠭᠤᠯᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号