ᠲᠷᠠᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ︽ᠦᠯᠡᠮᠵᠢ ᠶᠢᠨ ᠲᠠᠷᠬᠠᠨ ᠮᠤᠤᠮᠢᠩᠭᠠᠨ︾ ᠰᠤᠶᠤᠯ ᠤᠨ ᠠᠵᠦ ᠦᠢᠯᠡᠰ ᠤᠨ ᠬᠢᠵᠠᠭᠠᠷᠳᠦ ᠺᠤᠮᠫᠠᠨᠢ ᠶᠢᠨ ᠠᠵᠢᠯᠳᠠᠨ ᠡᠯᠰᠡᠬᠦ ᠠᠵᠢᠯ ᠳᠤ ᠬᠠᠮᠵᠢᠯᠴᠠᠯ᠎ᠠ
ᠨᠡᠶᠢᠲᠡᠯᠡᠭᠰᠡᠨ ᠴᠠᠭ᠄
2022/4/12
     ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠵᠦ᠂ ᠠᠵᠦ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠶᠢᠨ ᠲᠦᠯᠦᠭᠡ4 ᠰᠠᠷ᠎ᠠ ᠶᠢᠨ11 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ︽ᠦᠯᠡᠮᠵᠢ ᠶᠢᠨ ᠲᠠᠷᠬᠠᠨ ᠮᠤᠤᠮᠢᠩᠭᠠᠨ︾ ᠰᠤᠶᠤᠯ ᠤᠨ ᠠᠵᠦ  ᠦᠢᠯᠡᠰ ᠤᠨ ᠬᠢᠵᠠᠭᠠᠷᠳᠦ ᠺᠤᠮᠫᠠᠨᠢ ᠳᠤ ᠠᠵᠦ ᠠᠬᠤᠶᠢᠯᠠᠯ ᠤᠨ ᠲᠤᠰᠬᠠᠶᠢᠯᠠᠨ ᠠᠵᠢᠯᠳᠠᠨ ᠡᠯᠰᠡᠬᠦ ᠵᠤᠯᠭᠠᠭᠤᠯᠬᠤ ᠬᠤᠷᠠᠯ ᠡᠷᠬᠢᠯᠡᠭᠰᠡᠨ ᠪᠠᠶᠢᠨ᠎ᠠ᠃
     ︽ᠦᠯᠡᠮᠵᠢ ᠶᠢᠨ ᠲᠡᠷᠬᠠᠨ ᠮᠤᠤᠮᠢᠩᠭᠠᠨ︾ ᠰᠤᠶᠤᠯ ᠤᠨ ᠠᠵᠦ ᠦᠢᠯᠡᠰ ᠤᠨ ᠬᠢᠵᠠᠭᠠᠷᠳᠦ ᠺᠤᠮᠫᠠᠨᠢ  ᠨᠢ2021 ᠤᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶ᠋ᠬᠠᠤᠪᠤᠭ᠎ᠠ ᠰᠤᠮᠤ ᠬᠠᠮᠳᠦ ᠶᠢᠨ ᠠᠵᠦ ᠠᠬᠤᠢ ᠶᠢ ᠬᠦᠭᠵᠢᠭᠦᠯᠬᠦ ᠤᠨᠴᠠᠯᠢᠭᠳᠦ ᠠᠵᠦ ᠦᠢᠯᠡᠰ ᠤᠨ ᠬᠦᠭᠵᠢᠯᠳᠡ ᠶᠢ ᠠᠬᠢᠭᠤᠯᠬᠤ ᠪᠠᠷ ᠪᠠᠶᠢᠭᠤᠯᠤᠭᠰᠠᠨ ᠺᠤᠮᠫᠠᠨᠢ ᠪᠤᠯᠤᠨ᠎ᠠ᠃2021 ᠤᠨ ᠳᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠴᠦᠬᠡᠨ ᠲᠤᠭᠠᠳᠦ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ ᠶᠢᠨ ᠬᠠᠷᠠᠭᠠᠯᠵᠠᠯ ᠢᠶᠠᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠬᠡᠥᠬᠡᠨ ᠠᠭᠤᠯᠠ ᠵᠡᠭᠡᠯᠢ ᠶᠢᠨ1006 ᠳ᠋ᠤᠭᠠᠷ ᠨᠤᠮᠧᠷ   ᠲᠠᠬᠢ1200 ᠬᠠᠷᠣᠢ ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠲᠦᠷᠪᠡᠨ  ᠲᠠᠪᠬᠤᠷ ᠰᠠᠭᠤᠷᠢᠨ ᠭᠠᠵᠠᠷ  ᠢᠶᠠᠨ ᠴᠤᠭᠴᠠᠯᠠᠨ ᠪᠠᠶᠢᠭᠤᠯᠵᠦ᠂ ᠪᠦᠳᠦᠭᠡᠭᠳᠡᠭᠦᠨ ᠤ ᠦᠵᠡᠭᠦᠯᠬᠡ᠂ ᠦᠢᠯᠡᠳᠭᠦᠨ ᠢ ᠰᠤᠳᠤᠯᠤᠨ ᠰᠢᠨ᠎ᠡ   ᠶᠢ ᠰᠡᠳᠦᠵᠦ ᠵᠢᠷᠤᠵᠦ ᠲᠦᠯᠦᠪᠯᠡᠨ ᠦᠢᠯᠡᠳᠬᠦ᠂ ᠪᠤᠯᠪᠠᠰᠤᠷᠠᠯ ᠤᠨ ᠤᠷᠤᠨ ᠵᠠᠢ᠂ ᠰᠦᠯᠵᠢᠶᠡᠨ ᠲᠡᠭᠡᠷᠡᠬᠢ ᠲᠠᠪᠴᠠᠩ  ᠤᠨ ᠤᠷᠤᠨ ᠵᠠᠢ ᠵᠡᠷᠭᠡ ᠠᠵᠢᠯ ᠤᠨ ᠲᠤᠭᠤᠷᠢᠭ ᠲᠠᠢ᠃ ᠺᠤᠮᠫᠠᠨᠢ ᠨᠢ ᠤᠳᠤᠬᠠᠨ ᠳᠤ ᠲᠡᠷᠢᠭᠦᠨ ᠤ ᠬᠤᠪᠴᠠᠰᠦ ᠵᠠᠰᠠᠯ ᠦᠢᠯᠡᠳᠬᠦ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠲᠦᠭᠦᠭᠡᠷᠦᠮᠵᠢ ᠵᠢᠴᠢ ᠲᠤᠰᠬᠠᠢ ᠮᠡᠷᠭᠡᠵᠢᠯ ᠤᠨ ᠠᠵᠢᠯᠳᠠᠨ ᠢ ᠤᠷᠤᠭᠤᠯᠤᠨ ᠠᠪᠴᠢᠷᠠᠬᠤ ᠶᠢᠨ ᠬᠠᠮᠳᠦ ᠤᠯᠠᠨ ᠵᠢᠯ ᠤᠨ ᠬᠤᠪᠴᠠᠰᠦ ᠵᠠᠰᠠᠯ ᠤᠨ ᠤᠶᠤᠵᠦ ᠡᠰᠭᠡᠬᠦ ᠮᠠᠰᠢᠨ ᠮᠡᠷᠭᠡᠵᠢᠯ ᠤᠨ ᠠᠵᠢᠯᠳᠠᠨ30 ᠭᠠᠷᠣᠢ ᠬᠡᠷᠡᠭᠰᠡᠭᠦ ᠬᠡᠪᠴᠢᠶᠠᠯ ᠲᠠᠢ ᠠᠵᠢᠯ ᠲᠦᠷᠦᠯ ᠤᠨ ᠠᠵᠦ ᠠᠬᠤᠶᠢᠯᠠᠯ ᠪᠤᠯᠤᠨ ᠵᠤᠬᠢᠶᠠᠨ ᠪᠠᠶᠢᠭᠤᠯᠤᠯᠳᠠ ᠲᠠᠢ ᠬᠠᠮᠳᠤᠷᠠᠯᠴᠠᠭ᠎ᠠ ᠬᠢᠵᠦ᠂ ᠭᠠᠵᠠᠷ ᠤᠷᠤᠨ ᠤ  ᠤᠨᠴᠠᠯᠢᠭᠳᠦ ᠠᠵᠦ ᠦᠢᠯᠡᠰ  ᠤᠨ ᠰᠢᠨ᠎ᠡ ᠶᠢ ᠰᠡᠳᠦᠵᠦ ᠲᠦᠯᠦᠪᠯᠡᠨ ᠲᠡᠯᠭᠡᠷᠡᠭᠦᠯᠬᠦ ᠶᠡᠷᠦᠩᠭᠡᠶᠢᠯᠡᠭᠰᠡᠨ ᠴᠢᠨᠠᠷᠳᠡᠢ ᠲᠠᠪᠴᠠᠩ ᠢ ᠪᠦᠬᠦ ᠬᠦᠴᠦᠨ ᠢᠶᠠᠷ  ᠢᠶᠠᠨ ᠴᠤᠭᠴᠠᠯᠠᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠲᠠᠬᠢᠨ ᠠᠵᠢᠯ ᠤᠯᠭᠤᠯᠳᠠ ᠶᠢ ᠠᠬᠢᠭᠤᠯᠵᠦ᠂ ᠨᠡᠩ ᠤᠯᠠᠨ ᠠᠵᠢᠯ ᠤᠨ ᠪᠠᠶᠢᠷᠢ ᠶᠢ ᠡᠭᠦᠳᠬᠦ ᠪᠤᠯᠤᠨ᠎ᠠ᠃
     ᠲᠤᠬᠠᠢ ᠶᠢᠨ ᠲᠠᠯᠠᠪᠤᠷ ᠲᠤ ᠠᠵᠢᠯᠳᠠᠨ ᠡᠯᠰᠡᠭᠦ ᠪᠠ ᠨᠢᠬᠡᠴᠡ ᠶᠢᠨ ᠠᠵᠢᠯᠳᠠᠨ ᠤ ᠶᠠᠪᠤᠳᠠᠯ ᠤᠨ  ᠠᠩᠬ᠎ᠠ ᠠᠯᠬᠤᠮ ᠤᠨ ᠰᠢᠯᠢᠯᠳᠡ ᠪᠠᠷ ᠲᠠᠮᠵᠢᠨ᠂ ᠨᠢᠭᠤᠷᠳᠠᠨ  ᠰᠢᠯᠭᠠᠭᠰᠠᠳ19 ᠬᠦᠮᠦᠨ ᠪᠠᠶᠢᠵᠦ᠂ ᠬᠠᠮᠤᠭ ᠡᠴᠦᠰ  ᠲᠤ13 ᠬᠦᠮᠦᠨ ᠢ ᠠᠩᠬ᠎ᠠ ᠠᠯᠬᠤᠮ ᠡᠯᠰᠡᠨ ᠬᠡᠷᠡᠭᠯᠡᠬᠦ ᠪᠠᠷ ᠪᠤᠯᠵᠦ᠂1 ᠬᠦᠮᠦᠨ ᠢ ᠨᠢ ᠨᠢᠭᠡᠨᠳᠡ ᠠᠵᠢᠯ ᠤᠨ ᠪᠠᠶᠢᠷᠢ ᠲᠤᠬᠢᠷᠠᠭᠤᠯᠵᠦ᠂ ᠠᠵᠢᠯᠳᠠᠨ ᠡᠯᠰᠡᠬᠦ ᠠᠵᠢᠯ ᠢᠯᠡᠳᠳᠡ ᠦᠷ᠎ᠡ ᠪᠦᠳᠦᠮᠵᠢ ᠤᠯᠤᠭᠰᠠᠨ ᠪᠠᠶᠢᠨ᠎ᠠ᠃ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ᠨᠢ ᠠᠵᠢᠯᠳᠠᠨ ᠡᠯᠰᠡᠬᠦ ᠠᠵᠢᠯ ᠢ ᠰᠠᠶᠢᠳᠤᠷ ᠬᠢᠬᠦ ᠶᠢᠨ ᠬᠠᠮᠳᠦ ᠬᠢᠵᠢᠭ  ᠤᠨ ᠪᠠᠶᠢᠳᠠᠯ ᠨᠠᠮᠳᠠᠵᠦ ᠬᠡᠪ ᠤᠨ ᠪᠠᠶᠢᠳᠠᠯ ᠳᠤ ᠤᠷᠤᠭᠰᠠᠨ ᠤ ᠲᠠᠷᠠᠭ᠎ᠠ ᠪᠤᠯᠪᠤᠰᠤᠷᠠᠬᠤ ᠬᠦᠰᠡᠯ ᠲᠠᠢ ᠤᠷᠢᠭᠳᠠᠭᠰᠠᠳ  ᠲᠤ ᠬᠠᠨᠳᠤᠯᠭᠠᠳᠦ ᠴᠢᠨᠠᠷᠳᠡᠢ ᠤᠷ᠎ᠠ ᠴᠢᠳᠠᠪᠦᠷᠢ ᠶᠢᠨ ᠪᠤᠯᠪᠠᠰᠤᠷᠠᠭᠤᠯᠤᠯ ᠢ ᠦᠨ᠎ᠡ ᠲᠦᠯᠦᠪᠦᠷᠢ ᠦᠭᠡᠢ   ᠪᠠᠷ ᠬᠠᠩᠭᠠᠨ᠎ᠠ ᠬᠡᠵᠦ ᠠᠮᠠᠯᠠᠭᠰᠠᠨ ᠪᠠᠶᠢᠨ᠎ᠠ᠃
     ᠲᠠᠷᠠᠭ᠎ᠠ ᠠᠯᠬᠤᠮ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ᠤᠨ ᠬᠢᠨ ᠲᠤᠰ ᠭᠠᠵᠠᠷ ᠤᠨ ᠠᠵᠢᠯᠳᠠᠨ ᠡᠯᠰᠡᠬᠦ ᠨᠢᠭᠤᠷᠳᠠᠨ ᠰᠢᠯᠭᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠦᠷᠨᠢᠭᠦᠯᠵᠦ᠂ ᠠᠵᠢᠯᠳᠠᠨ ᠬᠡᠷᠡᠭᠯᠡᠬᠦ ᠠᠵᠦ ᠠᠬᠤᠶᠢᠯᠠᠯ ᠪᠤᠯᠤᠨ ᠠᠵᠢᠯ ᠡᠷᠢᠭᠰᠡᠳ ᠤᠨ ᠬᠤᠶᠠᠷ ᠲᠠᠯ᠎ᠠ ᠪᠠᠷ ᠢᠶᠠᠨ ᠨᠡᠪᠳᠡᠷᠡᠯᠴᠡᠬᠦ ᠶᠢ ᠠᠬᠢᠭᠤᠯᠵᠦ᠂ ᠠᠵᠦ ᠠᠬᠤᠶᠢᠯᠠᠯ  ᠪᠤᠯᠤᠨ ᠠᠵᠢᠯ ᠡᠷᠢᠭᠰᠡᠳ ᠤᠨ ᠬᠤᠶᠠᠷ ᠲᠠᠯ᠎ᠠ ᠪᠠᠷ ᠢᠶᠠᠨ ᠨᠡᠪᠳᠡᠷᠡᠯᠴᠡᠬᠦ ᠶᠢ ᠠᠬᠢᠭᠤᠯᠵᠦ᠂ ᠠᠵᠦ ᠠᠬᠤᠶᠢᠯᠠᠯ ᠤᠨ ᠠᠵᠢᠯᠳᠠᠨ ᠬᠡᠷᠡᠭᠯᠡᠬᠦ ᠶᠢ ᠪᠠᠳᠤᠯᠠᠬᠤ ᠶᠢᠨ ᠬᠠᠮᠳᠦ ᠠᠵᠢᠯ ᠤᠯᠬᠤ  ᠱᠠᠭᠠᠷᠳᠠᠯᠭ᠎ᠠ ᠲᠠᠢ ᠤᠯᠠᠨ ᠲᠦᠮᠡᠨ ᠢ ᠬᠠᠪᠰᠤᠷᠴᠦ ᠡᠷᠳᠡᠭᠡᠨ ᠠᠵᠢᠯ ᠤᠯᠭᠤᠯᠳᠠ ᠶᠢ ᠪᠡᠶᠡᠯᠡᠬᠦᠯᠬᠦ ᠪᠠᠷ ᠪᠤᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号