ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 19 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ ᠶᠢᠨ ᠫᠢᠩ 4 | ᠰᠠᠷ᠎ᠠ ᠶᠢᠨ 19 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠵᠢᠯᠣᠭᠤᠳᠬᠤ ᠰᠠᠨᠠᠯ︾᠂ ︽ᠮᠤᠵᠢ ᠶᠢᠨ ᠱᠠᠳᠤᠨ ᠠᠴᠠ | ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠤᠯᠠᠮ ᠴᠢᠨᠠᠬᠰᠢᠳᠠ ᠠᠬᠢᠭᠤᠯᠬᠤ | ᠲᠤᠬᠠᠶ ᠵᠢᠯᠣᠭᠤᠳᠬᠤ ᠰᠠᠨᠠᠯ︾᠂ ︽ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ | ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠵᠤ ᠦᠨᠡᠯᠡᠬᠦ ᠭᠦᠶᠴᠡᠳᠭᠡᠯ ᠲᠣᠭᠠᠨ ᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠬᠦ ᠲᠤᠬᠠᠶ ᠰᠠᠨᠠᠯ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠮᠥᠩᠭᠦᠨ ᠭᠦᠶᠯᠭᠡᠭᠡ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠬᠦ ᠠᠵᠢᠯ ᠤᠨ | ᠲᠥᠰᠦᠯ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ | ᠰᠠᠨᠠᠯ ᠤᠳ︾ ᠢ ᠬᠢᠨᠠᠨ ᠵᠦᠪᠯᠡᠵᠥ ᠪᠠᠳᠤᠯᠠᠪᠠ᠃ | ᠰᠢ ᠶᠢᠨ ᠫᠢᠩ ᠬᠤᠷᠠᠯ ᠡᠷᠬᠢᠯᠡᠬᠦ ᠳᠡᠭᠡᠨ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠠᠴᠢᠯᠠᠭᠰᠠᠨ ᠮᠡᠷᠭᠡᠵᠢᠯ ᠢ ᠵᠠᠰᠠᠭ ᠤᠨ ᠣᠷᠳᠣᠨ ᠤ ᠬᠠᠮᠢᠶᠠᠷᠤᠯᠲᠠ | ᠦᠢᠯᠡᠴᠢᠯᠡᠭᠡ ᠳᠤ ᠥᠷᠭᠡᠨ ᠢᠶᠠᠷ ᠬᠡᠷᠡᠭᠯᠡᠵᠦ᠂ ᠵᠠᠰᠠᠭ ᠤᠨ ᠣᠷᠳᠣᠨ ᠤ ᠲᠣᠭᠠᠴᠢᠯᠠᠭᠰᠠᠨ ᠤᠶᠤᠨᠴᠢᠯᠠᠬᠰᠠᠨ ᠠᠵᠢᠯᠯᠠᠭ᠎ᠠ ᠶᠢ | ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠮᠤᠵᠢ ᠶᠢᠨ ᠱᠠᠲᠤᠨ ᠠᠴᠠ ᠳᠣᠷᠣᠭᠰᠢᠬᠢ ᠵᠠᠰᠠᠭ ᠤᠨ | ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠬᠠᠷᠢᠴᠠᠭ᠎ᠠ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠶᠢᠨ | ᠲᠤᠬᠢᠷᠠᠭᠤᠯᠤᠯᠳᠠ ᠶᠢ ᠨᠡᠩ ᠵᠦᠢ ᠵᠣᠬᠢᠰᠲᠠᠢ ᠪᠣᠯᠭᠠᠵᠤ᠂ ᠣᠷᠣᠯᠭ᠎ᠠ ᠶᠢᠨ ᠬᠤᠪᠢᠶᠠᠷᠢᠯᠠᠯ ᠢ ᠨᠡᠩ ᠵᠢᠷᠤᠮᠵᠢᠯ ᠲᠠᠢ ᠪᠣᠯᠭᠠᠵᠤ᠂ | ᠡᠳ᠋ ᠤᠨ ᠬᠦᠴᠦᠨ ᠤ ᠲᠠᠷᠬᠠᠯᠲᠠ ᠶᠢ ᠬᠠᠷᠢᠴᠠᠩᠭᠤᠢ ᠲᠡᠩᠴᠡᠭᠦᠷᠢᠲᠡᠢ ᠪᠣᠯᠭᠠᠵᠤ᠂ ᠦᠨᠳᠦᠰᠦᠨ ᠱᠠᠲᠤᠨ ᠤ ᠪᠠᠲᠤᠯᠠᠭ᠎ᠠ ᠶᠢ | ᠨᠡᠩ ᠬᠦᠴᠦᠲᠡᠢ ᠪᠣᠯᠭᠠᠵᠤ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠲᠦᠷᠭᠡᠪᠴᠢᠯᠡᠨ ᠪᠦᠳᠦᠭᠡᠨ | ᠪᠠᠶᠢᠭᠤᠯᠬᠤ ᠶᠢ ᠠᠬᠢᠭᠤᠯᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠳᠡᠩᠴᠡᠬᠦᠷᠢᠰᠢᠬᠦᠯᠬᠦ ᠶᠢ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠯ ᠶᠣᠰᠣᠭᠠᠷ᠂ ᠪᠤᠰᠤᠳᠴᠢ ᠲᠥᠪ ᠭᠤᠣᠯᠴᠢ᠂ | ᠰᠢᠨᠵᠢᠯᠡᠬᠦ ᠤᠬᠠᠭᠠᠨᠴᠢ ᠪᠠᠷ ᠮᠠᠭᠠᠳᠯᠠᠨ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ᠂ ᠨᠠᠰᠤᠨ | ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠠᠷᠴᠢᠮ ᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠵᠦᠢ | ᠵᠣᠬᠢᠰᠲᠠᠢ ᠬᠢᠨᠠᠨ ᠪᠤᠳᠤᠯᠳᠠ ᠶᠢᠨ ᠦᠨᠡᠯᠡᠯᠲᠡ ᠬᠢᠬᠦ ᠭᠦᠢᠴᠡᠳᠭᠡᠯ ᠲᠣᠭᠠᠨ ᠤ ᠰᠢᠰᠲ᠋ᠧᠮ ᠢ ᠬᠦᠴᠦᠯᠡᠨ ᠪᠠᠶᠢᠭᠤᠯᠵᠤ᠂ | ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠲᠠ ᠪᠠ ᠠᠮᠢ ᠠᠬᠤᠢ | ᠣᠷᠴᠢᠨ ᠳᠤᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠶᠢ ᠠᠬᠢᠭᠤᠯᠬᠤ ᠬᠡᠷᠡᠭᠲᠡᠢ᠃ | ᠮᠥᠩᠭᠦᠨ ᠭᠦᠶᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠦᠢᠯᠡᠴᠢᠯᠡᠬᠦ | ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠶᠯᠭᠡᠭᠡ ᠪᠠᠷ ᠰᠢᠨ᠎ᠡ ᠶᠢ ᠡᠭᠦᠳᠬᠦ ᠶᠢ | ᠳᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠮᠥᠩᠭᠦᠨ ᠭᠦᠶᠯᠭᠡᠭᠡᠨ ᠤ ᠰᠢᠰᠲ᠋ᠧᠮ ᠤᠨ ᠰᠢᠨ᠎ᠡ ᠴᠠᠭ ᠦᠶ᠎ᠡ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠳᠤ ᠨᠠᠩ ᠰᠠᠶᠢᠲᠤᠷ ᠵᠣᠬᠢᠴᠠᠬᠤ ᠶᠢ ᠠᠬᠢᠭᠤᠯᠬᠤ | ᠬᠡᠷᠡᠭᠲᠡᠶ᠃ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ | ᠠᠬᠤᠢ ᠶᠢᠨ ᠭᠤᠣᠯ ᠲᠠᠶᠢᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ | ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠳᠤ ᠬᠠᠨᠳᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠡᠭᠦᠷᠭᠡ | ᠬᠠᠷᠢᠭᠤᠴᠠᠯᠭ᠎ᠠ ᠡᠭᠦᠷᠭᠡᠯᠡᠬᠦ᠂ ᠰᠡᠳᠭᠢᠯ ᠰᠢᠭᠤᠳᠤᠨ ᠰᠤᠳᠤᠯᠬᠤ᠂ ᠦᠷᠳᠡᠭ ᠢ ᠡᠭᠦᠳᠦᠨ ᠪᠦᠲᠦᠭᠡᠬᠦ ᠤᠷᠮᠠᠰᠢᠭᠤᠯᠬᠤ | ᠤᠳᠤᠷᠢᠳᠤᠮᠵᠢ ᠶᠢ ᠪᠤᠢ ᠪᠣᠯᠭᠠᠵᠤ᠂ ᠤᠤᠭᠠᠯ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠬᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠦᠲᠦᠮᠵᠢᠲᠡᠢ ᠤᠨᠳᠤᠤᠰᠢᠭᠤᠯᠬᠤ ᠳᠤ ᠠᠰᠢᠭᠲᠠᠢ | ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠳᠠᠨ ᠤ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠥ | ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ | ᠨᠢᠩ᠂ ᠬᠠᠨ ᠵᠧᠩ ᠬᠤᠷᠠᠯ ᠳᠤ ᠣᠷᠣᠯᠴᠠᠵᠠᠢ᠃ | ᠬᠤᠷᠠᠯ ᠠᠴᠠ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠵᠠᠰᠠᠭ ᠤᠨ | ᠣᠷᠳᠣᠨ ᠤ ᠵᠠᠰᠠᠯᠲᠠ ᠶᠢᠨ ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ | ᠮᠥᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ ᠬᠠᠤᠯᠢᠵᠢᠯ ᠤᠨ ᠵᠠᠰᠠᠭ ᠤᠨ | ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠨᠠᠮ ᠤᠨ ᠲᠥᠪ ᠬᠤᠷᠢᠶ᠎ᠠ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ᠂ ᠲᠤᠮᠤ ᠳ᠋ᠠᠶᠢᠲ᠋ᠠ ᠶᠢᠨ | ᠪᠠᠶᠢᠯᠳᠤᠬᠤ ᠪᠤᠳᠤᠯᠭ᠎ᠠ ᠵᠡᠷᠭᠡ ᠶᠢ ᠬᠡᠷᠡᠭᠵᠢᠭᠦᠯᠬᠦ ᠶᠢᠨ ᠲᠣᠭᠤᠷᠢᠨ ᠳᠤ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ | ᠬᠢᠵᠦ᠂ ᠡᠯ᠎ᠡ ᠲᠠᠯ᠎ᠠ ᠶᠢᠨ ᠠᠵᠢᠯ ᠰᠢᠨ᠎ᠡ ᠠᠬᠢᠴᠠ ᠲᠠᠢ ᠪᠣᠯᠪᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠬᠦᠷᠢᠶ᠎ᠡ ᠡᠯ᠎ᠡ | ᠭᠤᠭᠴᠤᠭ᠎ᠠ ᠳᠤ ᠲᠤᠭᠤᠰᠢᠯᠠᠭᠤᠯᠵᠤ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶᠢ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠣᠷᠢᠯᠲᠠ ᠪᠠ ᠲᠤᠰᠤᠯᠳᠠ ᠪᠣᠯᠭᠠᠵᠤ᠂ ᠲᠦᠭᠡᠮᠡᠯ ᠬᠦᠷᠳᠡᠵᠤ ᠳᠡᠶᠢᠯᠬᠦ᠂ ᠤᠶᠤᠨᠴᠢ ᠳᠥᠭᠦᠮ ᠳᠥᠲᠡ᠂ | ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ ᠲᠣᠭᠠᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ | ᠤᠯᠠᠨ ᠢ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ ᠢᠯᠡᠭᠦᠦ ᠭᠦᠶᠦᠯᠭᠡᠬᠦ ᠬᠡᠷᠡᠭᠲᠡᠢ᠃ ᠲᠣᠭᠠᠴᠢᠯᠠᠭᠰᠠᠨ | ᠥᠭᠡᠷᠡᠴᠢᠯᠡᠯᠲᠡ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠳᠤ ᠬᠦᠴᠦᠨ ᠨᠡᠮᠡᠷᠢᠯᠡᠵᠦ᠂ ᠡᠯ᠎ᠡ | ᠠᠵᠢᠯ ᠲᠥᠷᠥᠯ ᠡᠯ᠎ᠡ ᠬᠦᠷᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠰᠢᠰᠲ᠋ᠧᠮ ᠤᠨ ᠡᠷᠴᠢᠮᠵᠢᠭᠰᠡᠨ ᠪᠠᠶᠢᠭᠤᠯᠤᠯᠲᠠ᠂ | ᠬᠤᠯᠪᠣᠯᠳᠤᠨ ᠨᠡᠪᠲᠡᠷᠡᠯᠴᠡᠬᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ | ᠵᠠᠰᠠᠭ ᠤᠨ ᠣᠷᠳᠣᠨ ᠤ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠶᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠲᠠᠯ᠎ᠠ ᠶᠢᠨ ᠡᠭᠦᠷᠭᠡ ᠴᠢᠳᠠᠪᠬᠢ ᠪᠠᠨ ᠭᠦᠶᠴᠡᠳᠭᠡᠬᠦ ᠴᠢᠬᠤᠯᠠ ᠲᠤᠯᠭᠠᠭᠤᠷᠢᠯᠠᠬᠤ ᠦᠶᠯᠡᠳᠦᠯ ᠢ ᠪᠠᠳᠠᠷᠠᠭᠤᠯᠵᠤ᠂ | ᠬᠠᠮᠵᠢᠯᠴᠠᠬᠰᠠᠨ ᠥᠨᠳᠥᠷ ᠪᠦᠲᠦᠮᠵᠢᠲᠡᠶ ᠵᠠᠰᠠᠭ ᠤᠨ ᠣᠷᠳᠣᠨ ᠤ ᠲᠣᠭᠠᠴᠢᠯᠠᠯᠳᠠ ᠪᠠᠷ ᠡᠭᠦᠷᠭᠡ ᠲᠤᠰᠢᠶᠠᠯ ᠢᠶᠠᠨ | ᠬᠦᠢᠴᠡᠳᠭᠡᠬᠦ ᠰᠢᠰᠲ᠋ᠧᠮ ᠢ ᠪᠠᠶᠢᠭᠤᠯᠬᠤ ᠬᠡᠷᠡᠭᠲᠡᠶ᠃ ᠰᠢᠰᠲ᠋ᠧᠮᠳᠦ ᠦᠵᠡᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ | ᠵᠢᠷᠤᠮᠵᠢᠭᠰᠠᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠷᠢᠮ ᠤᠨ ᠰᠢᠰᠲ᠋ᠧᠮ ᠢ ᠪᠦᠷᠢᠨᠰᠢᠬᠦᠯᠵᠥ᠂ | ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠢ ᠬᠠᠮᠲᠤ ᠪᠠᠷ ᠡᠳ᠋ᠯᠡᠬᠦ ᠪᠠ ᠡᠮᠬᠢ ᠵᠢᠷᠤᠮ ᠲᠠᠢ ᠨᠡᠭᠡᠭᠡᠨ ᠠᠰᠢᠭᠯᠠᠬᠤ ᠶᠢ ᠬᠠᠤᠯᠢ | ᠲᠣᠭᠲᠠᠭᠠᠯ ᠶᠣᠰᠣᠭᠠᠷ ᠠᠬᠢᠭᠤᠯᠵᠤ᠂ ᠮᠡᠷᠭᠡᠵᠢᠯ ᠤᠨ ᠠᠭᠤᠰᠤᠯᠴᠠᠯ᠂ ᠠᠵᠢᠯ ᠲᠦᠷᠦᠯ ᠤᠨ ᠠᠭᠤᠰᠤᠯᠴᠠᠯ᠂ ᠲᠤᠭ᠎ᠠ | ᠪᠠᠷᠢᠮᠲᠠ ᠶᠢᠨ ᠠᠭᠤᠰᠤᠯᠴᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠱᠠᠳᠤ ᠳᠠᠪᠬᠤᠷᠭ᠎ᠠ ᠠᠯᠤᠰᠯᠠᠭᠰᠠᠨ᠂ ᠣᠷᠣᠨ | ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ | ᠬᠠᠮᠵᠢᠯᠴᠠᠨ ᠬᠠᠮᠢᠶᠠᠷᠬᠤ ᠪᠠ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠲᠤᠭ᠎ᠠ ᠪᠠᠷᠢᠮᠲᠠ ᠶᠢᠨ ᠠᠮᠤᠷ | ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠦᠬᠦ ᠲᠠᠯ᠎ᠠ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠬᠡᠵᠥ ᠵᠢᠭᠠᠵᠥ | ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠠᠴᠠ ᠨᠠᠭᠠᠰᠢ᠂ ᠪᠢᠳᠡ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠵᠦ | ᠲᠥᠯᠥᠪᠯᠡᠭᠡ ᠶᠢ ᠴᠢᠩᠭᠠᠳᠬᠠᠵᠤ᠂ ᠲᠥᠪ ᠪᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ | ᠲᠥᠪ ᠪᠤᠯᠤᠨ ᠣᠷᠣᠨ ᠨᠤᠲᠤᠭ ᠤᠨ ᠣᠷᠣᠯᠭ᠎ᠠ ᠶᠢᠨ ᠬᠤᠪᠢᠶᠠᠷᠢᠯᠠᠯ ᠢ ᠤᠯᠠᠮ ᠴᠢᠨᠠᠬᠰᠢᠳᠠ ᠰᠢᠯᠤᠭᠤᠳᠬᠠᠵᠤ᠂ ᠡᠳ᠋ ᠤᠨ | ᠵᠠᠰᠠᠭ ᠤᠨ ᠰᠢᠯᠵᠢᠭᠦᠯᠦᠨ ᠥᠭᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡ | ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠪᠠᠶᠢᠬᠤ ᠲᠥᠪ ᠪᠤᠯᠤᠨ | ᠣᠷᠣᠨ ᠨᠤᠲᠤᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠪᠤᠯᠤᠨ ᠣᠷᠣᠨ ᠨᠤᠲᠤᠭ ᠤᠨ | ᠭᠠᠶᠢᠯᠢ ᠶᠢ ᠰᠠᠯᠭᠠᠬᠤ ᠲᠦᠷᠢᠮ ᠤᠨ ᠵᠠᠷᠴᠢᠮ ᠤᠨ ᠪᠣᠷᠣ ᠲᠥᠯᠥᠪ ᠤᠨ ᠳᠣᠲᠣᠷ᠎ᠠ᠂ ᠵᠠᠰᠠᠭ ᠤᠨ ᠣᠷᠳᠣᠨ ᠤ | ᠬᠤᠭᠤᠷᠣᠨᠳᠣᠬᠢ ᠡᠳ᠋ ᠤᠨ ᠵᠠᠰᠠᠭ ᠤᠨ ᠬᠠᠷᠢᠴᠠᠭ᠎ᠠ ᠶᠢ ᠪᠦᠷᠢᠨᠰᠢᠬᠦᠯᠬᠦ ᠦᠨᠳᠦᠰᠦᠨ ᠵᠠᠷᠴᠢᠮ ᠢ ᠵᠢᠷᠤᠮᠯᠠᠵᠤ᠂ ᠮᠤᠵᠢ ᠶᠢᠨ | ᠱᠠᠳᠤᠨ ᠠᠴᠠ ᠳᠣᠷᠤᠬᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠲᠣᠳᠣᠷᠬᠠᠢ ᠵᠠᠭᠠᠭᠯᠠᠨ ᠲᠣᠭᠲᠠᠭᠠᠵᠤ᠂ ᠮᠤᠵᠢ ᠶᠢᠨ ᠱᠠᠳᠤᠨ ᠠᠴᠠ ᠳᠤᠷᠤᠬᠰᠢᠬᠢ ᠵᠠᠰᠠᠭ ᠤᠨ ᠣᠷᠳᠣᠨ ᠤ ᠬᠤᠭᠤᠷᠣᠨᠳᠣᠬᠢ | ᠣᠷᠣᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠮᠤᠵᠢ ᠶᠢᠨ ᠱᠠᠳᠤᠨ ᠠᠴᠠ ᠲᠤᠷᠤᠬᠰᠢᠬᠢ ᠰᠢᠯᠵᠢᠭᠦᠯᠦᠨ ᠲᠤᠭᠠᠴᠠᠭ᠎ᠠ | ᠬᠢᠬᠦ ᠲᠦᠷᠢᠮ ᠢ ᠲᠡᠭᠦᠯᠳᠡᠷᠵᠢᠭᠦᠯᠵᠦ᠂ ᠮᠤᠵᠢ ᠶᠢᠨ ᠱᠠᠳᠤᠨ ᠠᠴᠠ ᠳᠤᠷᠤᠬᠰᠢᠬᠢ ᠡᠳ᠋ ᠤᠨ ᠵᠠᠰᠠᠭ ᠤᠨ ᠪᠠᠶᠢᠭᠤᠯᠤᠮᠵᠢ ᠳᠤ | ᠲᠤᠬᠢᠷᠠᠭᠤᠯᠤᠯᠳᠠ ᠬᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠮᠤᠵᠢ ᠶᠢᠨ ᠱᠠᠳᠤᠨ ᠠᠴᠠ ᠳᠣᠷᠤᠬᠰᠢᠬᠢ ᠡᠳ᠋ ᠤᠨ | ᠵᠠᠰᠠᠭ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠲᠦᠷᠢᠮ ᠢ ᠲᠡᠭᠦᠯᠳᠡᠷᠵᠢᠭᠦᠯᠬᠦ ᠪᠠᠷ | ᠳᠠᠮᠵᠢᠭᠤᠯᠤᠨ᠂ ᠣᠷᠣᠨ ᠨᠤᠲᠤᠭ ᠤᠨ ᠬᠠᠮᠠᠭᠠᠯᠠᠬᠤ ᠦᠵᠡᠯ ᠢ ᠠᠷᠢᠯᠭᠠᠵᠤ᠂ ᠵᠠᠬ᠎ᠠ ᠳᠡᠯᠭᠡᠭᠦᠷ ᠤᠨ ᠪᠠᠬᠢᠯᠡᠯᠲᠡ ᠶᠢ ᠠᠷᠢᠯᠭᠠᠨ | ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠬᠦᠷᠢᠰᠢᠬᠦᠯᠬᠦ ᠶᠢ ᠦᠷᠭᠦᠯᠵᠢᠯᠡᠨ ᠠᠬᠢᠭᠤᠯᠬᠤ ᠪᠠᠲᠤᠯᠠᠭ᠎ᠠ ᠶᠢᠨ | ᠲᠦᠷᠢᠮ ᠪᠠ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠵᠤ᠂ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠂ | ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠬᠥᠭᠵᠢᠭᠡᠳᠦᠢ ᠭᠠᠵᠠᠷ ᠣᠷᠣᠨ ᠳᠠᠬᠢ ᠡᠳ᠋ ᠤᠨ ᠵᠠᠰᠠᠭ ᠤᠨ | ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠰᠢᠶᠠᠨ ᠤ ᠱᠠᠲᠤᠨ ᠤ ᠡᠳ᠋ ᠤᠨ ᠬᠦᠴᠦᠨ ᠤ ᠤᠷᠳᠤ ᠬᠤᠭᠤᠴᠠᠭᠠᠨ ᠤ ᠪᠦᠲᠦᠮᠵᠢᠲᠡᠢ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠯᠳᠠ ᠥᠷᠢ ᠥᠭᠴᠡᠭᠡ ᠶᠢᠨ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠵᠦ᠂ ᠳᠠᠯᠳᠠ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠵᠤ᠂ ᠬᠠᠤᠯᠢ ᠲᠣᠭᠲᠠᠭᠠᠯ ᠠᠴᠠ | ᠵᠥᠷᠢᠴᠡᠨ ᠵᠢᠭᠡᠯᠡᠯᠭᠡ ᠠᠪᠴᠤ ᠪᠡᠯᠡ ᠮᠦᠩᠬᠦ ᠴᠤᠬᠯᠠᠭᠤᠯᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ | ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠡᠮᠬᠢ | ᠵᠢᠷᠤᠮ ᠢ ᠬᠠᠮᠠᠭᠠᠯᠠᠨ᠂ ᠡᠳ᠋ ᠤᠨ ᠶᠠᠪᠤᠳᠠᠯ ᠪᠠ ᠨᠢᠭᠲᠠᠯᠠᠨ ᠪᠤᠳᠤᠯᠳᠠ ᠶᠢᠨ ᠬᠢᠨᠠᠯᠲᠠ ᠲᠠᠯᠪᠢᠬᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ | ᠡᠳ᠋ ᠬᠦᠷᠦᠩᠭᠡ ᠶᠢ ᠬᠢᠨᠠᠨ ᠪᠤᠳᠤᠬᠤ ᠳᠦᠷᠢᠮ ᠢ ᠪᠠᠶᠢᠭᠤᠯᠵᠤ᠂ 2015 ᠣᠨ ᠠᠴᠠ ᠲᠤᠷᠰᠢᠯᠲᠠ ᠶᠢᠨ ᠠᠵᠢᠯ ᠢ | ᠥᠷᠨᠢᠭᠦᠯᠵᠦ᠂ 2017 ᠣᠨ ᠪᠣᠯᠲᠠᠯ᠎ᠠ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠢ | ᠴᠢᠩᠭ᠎ᠠ ᠬᠡᠷᠡᠭᠵᠢᠭᠦᠯᠬᠦ ᠲᠠᠯ᠎ᠠ ᠪᠠᠷ ᠴᠢᠩᠭ᠎ᠠ ᠬᠦᠴᠦᠲᠡᠢ ᠳᠦᠷᠢᠮ ᠤᠨ ᠬᠢᠵᠠᠭᠠᠷᠯᠠᠯ ᠢ ᠪᠦᠷᠢᠯᠳᠦᠭᠦᠯᠪᠠ᠃ ᠤᠳᠤᠷᠢᠳᠬᠤ | ᠺᠠᠳ᠋ᠷ ᠤᠨ ᠡᠬᠢ ᠪᠠᠶᠠᠯᠢᠭ ᠣᠷᠴᠢᠨ ᠲᠣᠭᠤᠷᠢᠨ ᠤ ᠬᠤᠯᠪᠤᠬᠳᠠᠯ ᠪᠦᠬᠦᠢ ᠰᠢᠢᠳᠪᠦᠷᠢᠲᠦ ᠪᠤᠳᠤᠯᠭ᠎ᠠ ᠪᠣᠯᠤᠨ ᠬᠢᠨᠠᠯᠲᠠ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠦᠨᠡᠯᠡᠯᠲᠡ ᠶᠢᠨ ᠪᠠᠷᠢᠮᠵᠢᠶ᠎ᠠ ᠶᠢ | ᠪᠦᠷᠢᠨᠰᠢᠬᠦᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢᠨ ᠬᠡᠮᠵᠢᠶ᠎ᠠ ᠶᠢ ᠪᠠᠭᠤᠷᠠᠭᠤᠯᠬᠤ᠂ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ ᠲᠦᠷᠢᠮ | ᠵᠡᠷᠭᠡ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠤᠯᠪᠤᠬᠳᠠᠯ ᠪᠦᠬᠦᠢ ᠦᠨᠡᠯᠡᠯᠲᠡ ᠶᠢᠨ ᠭᠦᠢᠴᠡᠳᠭᠡᠯ ᠲᠤᠭ᠎ᠠ ᠳᠤ ᠠᠭᠤᠰᠤᠯᠴᠠᠭᠤᠯᠬᠤ ᠬᠡᠷᠡᠭᠲᠡᠢ᠃ ᠦᠨᠡᠯᠡᠯᠳᠠ | ᠬᠢᠬᠦ ᠭᠦᠶᠴᠡᠳᠭᠡᠯ ᠲᠤᠭ᠎ᠠ ᠶᠢᠨ ᠬᠦᠨᠳᠦ ᠶᠢᠨ ᠵᠢᠩ ᠪᠠ ᠬᠤᠪᠢ ᠲᠣᠭᠲᠠᠭᠠᠬᠤ ᠠᠷᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠣᠳᠠᠲᠤ ᠪᠣᠳᠠᠰ ᠤᠨ ᠬᠡᠮᠵᠢᠶ᠎ᠡ᠂ ᠠᠮᠢ ᠠᠬᠤᠶ | ᠣᠷᠴᠢᠨ ᠲᠣᠭᠤᠷᠢᠨ ᠤ ᠶᠠᠰᠤ ᠴᠢᠨᠠᠷ ᠵᠡᠷᠭᠡ ᠵᠠᠩᠭᠢᠯᠠᠭ᠎ᠠ ᠶᠢᠨ ᠴᠢᠨᠠᠷᠲᠠᠶ ᠭᠦᠶᠴᠡᠳᠭᠡᠯ ᠲᠤᠭ᠎ᠠ ᠶᠢᠨ ᠬᠥᠲᠥᠯᠥᠨ | ᠵᠢᠯᠣᠭᠤᠳᠬᠤ ᠦᠶᠯᠡᠳᠦᠯ ᠢ ᠴᠢᠩᠭᠠᠳᠬᠠᠵᠤ᠂ ᠤᠯᠤᠰ ᠠᠴᠠ ᠲᠥᠯᠥᠪᠵᠢᠭᠦᠯᠦᠨ ᠲᠣᠭᠲᠠᠭᠠᠭᠰᠠᠨ ᠡᠬᠢ ᠪᠠᠶᠠᠯᠢᠭ ᠣᠷᠴᠢᠨ | ᠲᠣᠭᠤᠷᠢᠨ ᠤ ᠬᠢᠵᠠᠭᠠᠷᠯᠠᠬᠤ ᠴᠢᠨᠠᠷᠲᠠᠶ ᠭᠦᠶᠴᠡᠳᠭᠡᠯ ᠲᠤᠭ᠎ᠠ ᠶᠢ ᠳᠣᠪᠣᠶᠢᠯᠭᠠᠬᠤ ᠬᠡᠷᠡᠭᠲᠡᠶ᠃ ᠡᠯ᠎ᠡ ᠭᠠᠵᠠᠷ ᠤᠨ | ᠪᠠᠶᠢᠭᠠᠯᠢ ᠶᠢᠨ ᠡᠬᠢ ᠪᠠᠶᠠᠯᠢᠭ ᠤᠨ ᠣᠨᠴᠠᠯᠢᠭ ᠪᠣᠯᠤᠨ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ | ᠵᠥᠷᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠭᠦᠢᠴᠡᠳᠭᠡᠯ ᠲᠤᠭ᠎ᠠ ᠶᠢ ᠲᠤᠬᠢᠷᠠᠭᠤᠯᠬᠤ ᠲᠠᠯ᠎ᠠ ᠪᠠᠷ | ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠬᠢᠨᠠᠨ ᠪᠣᠳᠣᠬᠤ ᠬᠡᠪᠴᠢᠶ᠎ᠡ ᠪᠣᠯᠤᠨ | ᠠᠭᠤᠯᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠪᠠᠶᠢᠴᠠᠭᠠᠨ ᠭᠡᠷᠡᠴᠢᠯᠡᠭᠰᠡᠨ ᠪᠣᠳᠠᠲᠤ ᠶᠠᠪᠤᠳᠠᠯ ᠢᠶᠠᠷ ᠰᠠᠭᠤᠷᠢ ᠪᠣᠯᠭᠠᠨ᠂ | ᠬᠢᠨᠠᠨ ᠪᠣᠳᠣᠵᠤ ᠦᠨᠡᠯᠡᠭᠰᠡᠨ ᠦᠷ᠎ᠡ ᠳ᠋ᠦᠩ ᠨᠢ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ | ᠪᠠᠲᠤᠯᠠᠬᠤ ᠬᠡᠷᠡᠭᠲᠡᠶ᠃ ᠡᠯ᠎ᠡ ᠵᠦᠢᠯ ᠤᠨ ᠬᠢᠨᠠᠯᠲᠠ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠠᠬᠢᠭᠤᠯᠵᠤ᠂ ᠬᠢᠨᠠᠨ | ᠪᠤᠳᠤᠭᠰᠠᠨ ᠦᠷ᠎ᠡ ᠳ᠋ᠦᠩ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ | ᠪᠣᠯᠭᠠᠬᠤ ᠬᠡᠷᠡᠭᠲᠡᠢ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠥᠬᠦᠶ ᠮᠠᠲ᠋ᠧᠷᠢᠶᠠᠯ ᠪᠠ ᠲᠤᠭ᠎ᠠ | ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠵᠤ᠂ ᠡᠬᠢ | ᠪᠠᠶᠠᠯᠢᠭ ᠣᠷᠴᠢᠨ ᠠᠬᠤᠶ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠦᠶᠯᠡ ᠠᠵᠢᠯᠯᠠᠭ᠎ᠠ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠮᠥᠩᠭᠦᠨ ᠭᠦᠢᠯᠭᠡᠭᠡ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠂ ᠮᠥᠩᠭᠦᠨ | ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠭᠡᠭᠡᠨ ᠬᠥᠭᠵᠢᠭᠦᠯᠬᠦ ᠴᠢᠨᠠᠷᠳᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠳᠦᠯ ᠳᠤ ᠦᠶᠯᠡᠴᠢᠯᠡᠬᠦ ᠶᠢ ᠴᠢᠩᠭᠠᠷᠠᠭᠤᠯᠵᠤ᠂ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ ᠶᠢ ᠡᠭᠦᠷᠭᠡᠯᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ | ᠨᠡᠮᠡᠭᠳᠡᠭᠦᠯᠵᠦ᠂ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠰᠢᠭᠤᠳ ᠪᠠᠯᠠ ᠮᠦᠩᠬᠦ | ᠴᠤᠬᠯᠠᠭᠤᠯᠬᠤ ᠴᠢᠳᠠᠮᠵᠢ ᠶᠢ ᠳᠡᠭᠡᠭᠰᠢᠯᠡᠭᠦᠯᠵᠦ᠂ ᠳᠠᠭᠠᠳᠬᠠᠯ ᠪᠠ ᠪᠠᠯᠠ ᠮᠦᠩᠬᠦ ᠴᠤᠬᠯᠠᠭᠤᠯᠬᠤ ᠪᠠᠳᠤᠯᠠᠨ ᠳᠠᠭᠠᠭᠠᠬᠤ | ᠪᠠᠶᠢᠭᠤᠯᠤᠮᠵᠢ ᠶᠢᠨ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠦᠶᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡ ᠪᠠᠷ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠭᠠᠳᠠᠭᠠᠳᠤ ᠲᠤᠯᠭᠠᠭᠤᠷᠢᠯᠠᠯ ᠢ | ᠴᠢᠩᠭᠠᠳᠬᠠᠬᠤ ᠭᠡᠷᠡᠭᠲᠡᠢ᠃ ᠬᠤᠷᠢᠭ᠎ᠠ ᠱᠤᠭᠤᠮ ᠤᠨ ᠰᠡᠳᠭᠢᠬᠦᠶ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ | ᠪᠠᠲᠤᠯᠠᠬᠤ ᠳᠤ ᠰᠠᠭᠤᠷᠢᠯᠠᠵᠤ᠂ ᠮᠥᠩᠭᠦᠨ ᠭᠦᠶᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠮᠵᠢᠬᠦ ᠪᠠ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠳᠦᠯᠲᠡᠶ | ᠲᠥᠯᠥᠪᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠮᠠᠰᠢᠭᠤᠯᠤᠯ ᠪᠣᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠳᠠᠯᠳᠠ ᠬᠦᠴᠦᠨ ᠢ ᠬᠥᠭᠵᠢᠭᠡᠬᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠳᠤ ᠴᠢᠬᠤᠯᠠ ᠦᠶᠯᠡᠳᠦᠯ ᠲᠠᠢ ᠶᠤᠮ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ | ᠤᠯᠤᠰ ᠢᠶᠠᠨ ᠬᠠᠶᠢᠷᠠᠯᠠᠬᠤ ᠰᠡᠳᠭᠢᠯ ᠢᠶᠠᠨ ᠪᠠᠲᠤᠳᠬᠠᠵᠤ᠂ ᠤᠯᠤᠰ ᠲᠠᠭᠠᠨ ᠵᠢᠳᠬᠦᠬᠦ ᠵᠣᠷᠢᠭ ᠢᠶᠠᠨ ᠳᠠᠪᠲᠠᠨ | ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ | ᠲᠦᠷᠭᠡᠳᠭᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠡᠶᠡᠯᠡᠭᠦᠯᠬᠦ᠂ ᠬᠦᠴᠦᠨ ᠴᠢᠳᠠᠯ ᠢᠶᠠᠨ ᠡᠷᠭᠦᠬᠦ ᠶᠢ | ᠵᠣᠷᠢᠭᠵᠢᠭᠤᠯᠬᠤ ᠬᠡᠷᠡᠭᠲᠡᠢ᠃ ᠤᠶᠦᠠ ᠰᠠᠨᠠᠭᠠᠨ ᠤ ᠤᠷᠮᠠᠰᠢᠭᠤᠯᠤᠯ ᠪᠠ ᠡᠳ᠋ ᠪᠣᠳᠠᠰ ᠤᠨ ᠤᠷᠮᠠᠰᠢᠭᠤᠯᠤᠯ ᠢ | ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠪᠠᠴᠢᠮ ᠬᠡᠷᠡᠭᠴᠡᠭᠡ ᠪᠠ ᠠᠯᠤᠰ ᠭᠡᠳᠦ ᠶᠢᠨ ᠬᠡᠷᠡᠭᠴᠡᠭᠡ ᠠᠴᠠ ᠡᠭᠦᠰᠴᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠪᠰᠢᠯᠳᠠ᠂ ᠠᠵᠤ ᠠᠬᠤᠢ ᠨᠡᠶᠢᠭᠡᠮ ᠤᠨ ᠬᠥᠭᠵᠢᠯᠲᠡ᠂ ᠤᠯᠤᠰ ᠤᠨ | ᠪᠠᠶᠢᠯᠳᠤᠬᠤ ᠪᠤᠳᠦᠯᠭ᠎ᠠ ᠶᠢᠨ ᠠᠮᠤᠷ ᠲᠦᠪᠰᠢᠨ ᠵᠡᠷᠭᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠡᠳᠡᠭᠡᠷ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠬᠦᠮ ᠪᠠ ᠠᠵᠢᠯᠳᠡᠠ ᠢ ᠭᠤᠣᠯᠳᠠᠯᠭ᠎ᠠ ᠲᠠᠢ ᠪᠠᠷ ᠬᠥᠬᠢᠭᠦᠯᠦᠨ ᠱᠠᠩᠨᠠᠬᠤ | ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠵᠣᠬᠢᠶᠠᠨ ᠪᠠᠶᠢᠭᠤᠯᠵᠤ ᠬᠠᠮᠢᠶᠠᠷᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠤᠨ ᠴᠠᠭ ᠢ ᠪᠠᠲᠤᠯᠠᠵᠤ᠂ ᠨᠢᠭᠡ ᠰᠡᠳᠭᠢᠯ ᠨᠢᠭᠡ ᠵᠣᠷᠢᠭ ᠢᠶᠠᠷ ᠰᠢᠨ᠎ᠡ ᠶᠢ ᠡᠭᠦᠳᠴᠦ | ᠡᠭᠦᠳᠦᠨ ᠪᠦᠲᠦᠭᠡᠬᠦ ᠶᠢ ᠪᠠᠳᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠠᠵᠢᠯᠲᠠᠳ ᠢ | ᠤᠷᠮᠠᠰᠢᠭᠤᠯᠤᠨ ᠵᠣᠷᠢᠭᠵᠢᠭᠤᠯᠬᠤ ᠪᠠᠨ ᠴᠢᠩᠭᠠᠳᠬᠠᠵᠤ᠂ ᠵᠠᠯᠠᠭᠤᠴᠤᠳ ᠲᠤ ᠵᠣᠷᠢᠭᠲᠠᠢ ᠪᠠᠷ ᠶᠡᠭᠡ ᠡᠭᠦᠷᠭᠡ ᠶᠢ ᠡᠭᠦᠷᠭᠡᠯᠡᠬᠦ | ᠲᠣᠬᠢᠶᠠᠯ ᠣᠯᠭᠤᠵᠤ᠂ ᠵᠠᠯᠠᠭᠤ ᠴᠢᠳᠠᠪᠤᠷᠢᠲᠠᠨ ᠤ ᠴᠣᠯᠭᠤᠷᠠᠨ ᠭᠠᠷᠬᠤ ᠳᠤ ᠠᠰᠢᠭᠲᠠᠢ ᠣᠷᠴᠢᠨ ᠨᠥᠬᠦᠴᠡᠯ ᠢ ᠪᠤᠢ ᠪᠣᠯᠭᠠᠵᠤ | ᠥᠭᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠲᠣᠭᠲᠠᠭᠤᠨ ᠢᠶᠠᠷ ᠳᠡᠮᠵᠢᠬᠦ ᠲᠣᠭᠲᠠᠴᠠ ᠶᠢ | ᠪᠦᠷᠢᠨᠰᠢᠬᠦᠯᠵᠥ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠠᠭᠤᠷᠢ ᠴᠢᠨᠠᠷᠲᠠᠢ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠰᠤᠳᠤᠯᠭᠠᠨ ᠤ ᠴᠢᠭᠯᠡᠯ ᠤᠨ ᠲᠠᠯ᠎ᠠ ᠪᠠᠷ ︽ᠤᠯᠠᠨ ᠵᠢᠯ ᠤᠨ ᠬᠠᠳᠠᠭᠤᠵᠢᠯ︾ ᠭᠠᠷᠭᠠᠬᠤ ᠶᠢ | ᠴᠥᠬᠦᠷᠡᠰᠢ ᠦᠭᠡᠢ ᠳᠡᠮᠵᠢᠬᠦ ᠬᠡᠷᠡᠭᠲᠡᠢ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠳᠤᠨᠢ ᠴᠢᠬᠤᠯᠠᠴᠢᠯᠠᠬᠤ ᠶᠢ | ᠪᠠᠷᠢᠮᠲᠠᠯᠠᠵᠤ᠂ ᠪᠦᠲᠦᠮᠵᠢᠲᠡᠶ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠵᠢᠭᠠᠵᠤ | ᠭᠠᠷᠭᠠᠪᠠ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ |