ᠪᠠᠶᠢᠴᠠᠭᠠᠬᠤ ᠬᠤᠷᠢᠶᠠᠨ ᠤ ᠬᠢᠨ ᠰᠤᠷᠭᠠᠭᠤᠯᠢ ᠶᠢᠨ ᠬᠦᠷᠢᠶᠡᠨ ᠳᠤ
ᠨᠡᠶᠢᠲᠡᠯᠡᠭᠰᠡᠨ ᠴᠠᠭ᠄
2022/4/23
     ᠲᠡᠯᠡᠬᠡᠢ ᠶᠢᠨ ᠨᠤᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ4 ᠰᠠᠷ᠎ᠠ ᠶᠢᠨ21 ᠤ  ᠦᠳᠡ ᠶᠢᠨ ᠡᠮᠦᠨ᠎ᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠯᠠᠮᠵᠢ   ﹇ᠬᠠᠯᠠᠮᠵᠢ﹈ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠬᠤ ᠠᠵᠢᠯ ᠤᠨ ᠪᠦᠯᠬᠦᠮ ᠤᠨ ᠬᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠲᠠᠢ ᠬᠤᠯᠪᠤᠭᠠᠯᠠᠨ ᠮᠠᠨ ᠤ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ᠳᠤ ᠬᠦᠷᠴᠦ ︽ᠨᠤᠮ ᠤᠨ ᠬᠡᠰᠡᠭ ᠢᠶᠠᠷ ᠬᠠᠪᠤᠷ ᠤᠨ ᠡᠳᠦᠷ ᠢ ᠷᠠᠰᠢᠶᠠᠯᠠᠵᠦ᠂ ᠨᠤᠮ ᠤᠩᠰᠢᠵᠦ ᠪᠡᠶ᠎ᠡ ᠰᠡᠳᠭᠢᠯ ᠢᠶᠠᠨ ᠴᠢᠬᠢᠷᠠᠭᠵᠢᠭᠤᠯᠤᠶ᠎ᠠ︾ ᠬᠡᠬᠦ ᠭᠤᠤᠯ ᠰᠡᠳᠦᠪᠳᠦ ᠨᠤᠮ ᠤᠩᠰᠢᠵᠦ ᠬᠠᠥᠯᠢ ᠤᠬᠠᠭᠤᠯᠬᠤ ᠬᠦᠳᠡᠯᠬᠡᠬᠡᠨ ᠦᠷᠨᠢᠭᠦᠯᠦᠭᠰᠡᠨ ᠪᠠᠶᠢᠨ᠎ᠠ᠃
ᠬᠦᠳᠡᠩᠬᠡᠬᠡᠨ ᠨᠢ ᠰᠤᠷᠤᠭᠴᠢᠳ ᠲᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠨᠠᠰᠤᠨ ᠤ ᠬᠡᠥᠬᠡᠳ ᠪᠠᠭᠠᠴᠠᠳ ᠤᠨ ᠰᠣᠷᠤᠯᠴᠠᠨ ᠤᠶᠢᠯᠠᠭᠠᠬᠤ ᠶᠤᠰᠤᠳᠠᠢ ᠬᠠᠥᠯᠢ ᠴᠠᠭᠠᠵᠠ ᠶᠢᠨ ᠮᠡᠳᠡᠯᠬᠡ ᠶᠢ ᠵᠢᠭᠠᠨ ᠤᠬᠠᠭᠤᠯᠵᠦ ᠠᠰᠠᠭᠤᠯᠳᠠ ᠬᠠᠷᠢᠭᠤᠯᠳᠠ ᠶᠢᠨ ᠬᠡᠯᠪᠡᠷᠢ ᠪᠠᠷ ᠬᠠᠥᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠵᠦ ᠬᠡᠥᠬᠡᠳ ᠤᠳ ᠢ ᠤᠷᠠᠮᠰᠢᠭᠤᠯᠤᠨ ᠱᠠᠩᠨᠠᠬᠤ ᠶᠢᠨ ᠬᠠᠮᠳᠦ ᠬᠠᠥᠯᠢ ᠴᠠᠭᠠᠵᠠ ᠪᠠᠷ ᠦᠪᠡᠷ ᠢ ᠪᠠᠨ ᠬᠠᠮᠠᠭᠠᠯᠠᠬᠤ ᠶᠢᠨ ᠠᠴᠢ ᠲᠤᠰᠠ ᠶᠢ ᠲᠠᠶᠢᠯᠪᠤᠷᠢᠯᠠᠨ ᠶᠠᠷᠢᠵᠦ ᠦᠭᠭᠦᠭᠰᠡᠨ ᠪᠠᠶᠢᠨ᠎ᠠ᠃
     ᠡᠨᠡᠬᠦ ᠬᠦᠳᠡᠯᠭᠡᠭᠡᠨ ᠢᠶᠠᠨ ᠲᠠᠮᠵᠢᠨ ᠪᠠᠶᠢᠴᠠᠭᠠᠬᠤ ᠬᠤᠷᠢᠶ᠎ᠠ ᠪᠠ ᠰᠤᠷᠭᠠᠭᠤᠯᠢ ᠨᠢ ᠬᠠᠮᠳᠣᠷᠠᠯᠴᠠᠭ᠎ᠠ ᠪᠠᠨ  ᠤᠯᠠᠮ ᠨᠢᠬᠡ ᠠᠯᠬᠤᠮ ᠴᠢᠩᠭᠠᠳᠬᠠᠵᠦ᠂ ᠬᠡᠥᠬᠡᠳ ᠪᠠᠭᠠᠴᠠᠳ ᠤᠨ ᠬᠠᠥᠯᠢ ᠰᠤᠷᠬᠤ᠂ ᠬᠠᠥᠯᠢ ᠡᠷᠬᠢᠮᠯᠡᠬᠦ᠂ ᠬᠠᠥᠯᠢ ᠪᠠᠷᠢᠮᠳᠠᠯᠠᠬᠤ᠂ ᠬᠠᠥᠯᠢ ᠬᠡᠷᠡᠭᠯᠡᠬᠦ ᠤᠷᠮ᠎ᠠ ᠵᠤᠷᠢᠭ ᠢ ᠬᠦᠭᠵᠢᠭᠡᠭᠰᠡᠨ ᠢᠶᠠᠷ ᠪᠠᠷᠠᠬᠤ ᠦᠭᠡᠢ ᠨᠡᠩ ᠠᠮᠤᠷ ᠲᠦᠪᠰᠢᠨ᠂ ᠰᠠᠶᠢᠨ ᠰᠠᠶᠢᠬᠠᠨ ᠰᠤᠷᠤᠯᠴᠠᠬᠤ ᠤᠷᠴᠢᠨ ᠲᠤᠭᠤᠷᠢᠨ ᠢ ᠪᠤᠢ ᠪᠤᠯᠭᠠᠨ᠂ ᠵᠢᠭᠠᠨ ᠰᠤᠷᠭᠠᠯᠳᠠ ᠪᠠ ᠦᠢᠯᠡᠳᠦᠯᠬᠡ ᠶᠢᠨ ᠲᠤᠮᠳᠠ ᠨᠠᠰᠤᠨ ᠳᠤ ᠦᠯᠦ ᠬᠦᠷᠦᠭᠰᠡᠳ ᠤᠨ ᠬᠠᠥᠯᠢ ᠶᠤᠰᠤ ᠪᠠᠷ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ  ᠨᠢ ᠲᠡᠭᠡᠭᠰᠢᠯᠡᠭᠦᠯᠵᠦ᠂ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨᠬᠦ ᠬᠠᠮᠠᠭᠠᠯᠠᠵᠦ᠂ ᠬᠠᠥᠯᠢ ᠪᠠᠷ ᠵᠠᠰᠠᠬᠤ᠂ ᠡᠶ᠎ᠡ ᠵᠤᠬᠢᠴᠠᠯᠳᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号