ᠦᠬᠡᠷᠬᠤᠳᠳᠤᠭ ᠪᠠᠯᠭᠠᠰᠤᠨ ᠤ ᠡᠯ ᠯᠢ ᠪᠠᠨ ᠲᠤᠰᠬᠤᠨ ᠤ ︽ᠬᠤᠪᠢ ᠲᠡᠮᠳᠡᠭᠯᠡᠬᠦ ᠬᠡᠳᠦ ᠲᠡᠯᠭᠡᠭᠦᠷ︾ ᠦᠵᠡᠰᠭᠦᠯᠡᠩᠳᠦ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠰᠢᠨ᠎ᠡ ᠬᠡᠪ ᠰᠤᠷᠳᠠᠯ ᠢ ᠲᠠᠶᠢᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2022/4/24
     ᠤᠶᠢᠷ᠎ᠠ ᠳᠤ᠂ ᠦᠬᠡᠷᠬᠤᠳᠳᠤᠭ ᠪᠠᠯᠭᠠᠰᠤᠨ ᠤ ᠡᠯ ᠯᠢ ᠪᠠᠨ ᠲᠤᠰᠬᠤᠨ ︽ᠬᠤᠪᠢ ᠲᠡᠮᠳᠡᠭᠯᠡᠬᠦ ᠬᠡᠳᠦ ᠲᠡᠯᠬᠡᠭᠦᠷ︾ ᠪᠠᠶᠢᠭᠤᠯᠵᠦ᠂ ᠠᠷᠠᠳ ᠤᠯᠠᠨ ᠤ ᠦᠵᠡᠰᠭᠦᠯᠡᠩᠳᠦ ᠲᠤᠰᠬᠤᠨ ᠤ ᠪᠦᠳᠦᠭᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠬᠤ ᠶᠢ ᠤᠷᠠᠮᠰᠢᠭᠤᠯᠵᠦ ᠪᠠᠶᠢᠨ᠎ᠠ᠃ ︽ᠤᠳᠤ ᠮᠠᠨ ᠤ ᠲᠤᠰᠬᠤᠨ ᠬᠤᠪᠢ ᠲᠡᠮᠳᠡᠭᠯᠡᠬᠦ ᠬᠡᠳᠦ ᠲᠡᠯᠭᠡᠭᠦᠷ ᠬᠡᠳᠦ ᠲᠡᠯᠭᠡᠭᠦᠷ ᠪᠠᠶᠢᠭᠤᠯᠵᠦ᠂ ᠤᠯᠠᠨ ᠢᠶᠠᠷ ᠢᠶᠠᠨ ᠲᠤᠰᠬᠤᠨ ᠤ ᠶᠠᠪᠤᠳᠠᠯ ᠳᠤ ᠬᠠᠮᠳᠦ ᠪᠠᠷ ᠤᠷᠤᠯᠴᠠᠬᠤ  ᠶᠢ ᠵᠤᠷᠢᠭᠵᠢᠭᠤᠯᠵᠦ᠂ ᠨᠠᠮ ᠤᠨ ᠬᠡᠰᠢᠭᠦᠨ ᠴᠦ ᠲᠡᠷᠡ᠂ ᠲᠤᠰᠬᠤᠨ ᠤ ᠠᠷᠠᠳ  ᠴᠦ ᠲᠡᠷᠡ᠂ ᠵᠢᠱᠢᠶᠡᠯᠡᠪᠡᠯ ᠴᠡᠪᠡᠷᠯᠡᠭᠡ ᠬᠢᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠤᠷᠤᠯᠴᠠᠬᠤ᠂ ᠰᠠᠶᠢᠨ ᠬᠦᠮᠦᠨ ᠤ ᠰᠠᠶᠢᠨ ᠶᠠᠪᠤᠳᠠᠯ ᠬᠢᠬᠦ ᠵᠡᠷᠭᠡ ᠳᠤ ᠬᠤᠪᠢ ᠲᠡᠮᠳᠡᠭᠯᠡᠵᠦ᠂ ᠲᠡᠮᠳᠡᠭᠡᠯᠡᠭᠰᠡᠨ ᠬᠤᠪᠢᠨ ᠤ ᠬᠡᠮᠵᠢᠶ᠎ᠡ ᠪᠠᠷ ᠢᠶᠠᠨ ᠱᠠᠩᠨᠠᠯ ᠤᠨ ᠪᠤᠳᠠᠰ ᠰᠤᠯᠢᠵᠦ᠂ ᠨᠡᠭᠦᠳᠡᠯ ᠤᠯᠠᠭᠠᠨ ᠲᠤᠭ ᠲᠠᠷᠬᠠᠭᠠᠨ ᠢᠷᠠᠭᠤ ᠠᠯᠳᠠᠷ ᠤᠨ ᠦᠩᠭᠡ ᠭᠡᠷᠡᠯ ᠤᠯᠭᠤᠨ᠎ᠠ︾ ᠬᠡᠵᠦ ᠦᠬᠡᠷᠬᠤᠳᠳᠤᠭ ᠪᠠᠯᠭᠠᠰᠤᠨ ᠤ ᠡᠯ ᠯᠢ ᠪᠠᠨ ᠲᠤᠰᠬᠤᠨ ᠤ ᠨᠠᠮ ᠤᠨ ᠡᠭᠦᠷ ᠤᠨ ᠱᠦᠵᠢ ᠯᠢ ᠶᠢᠨ ᠡᠾᠸᠦ ᠲᠤᠰᠬᠤᠨ ᠤ ᠤᠯᠠᠨ ᠲᠦᠮᠡᠨ ᠤ ᠤᠷᠮ᠎ᠠ ᠵᠤᠷᠢᠭ ᠢ ᠬᠦᠭᠵᠢᠶᠡᠨ ᠤᠬᠠᠭᠤᠯᠵᠦ ᠪᠠᠶᠢᠯ᠎ᠠ᠃
           
     ᠨᠠᠮ ᠤᠨ ᠬᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠦ᠂ ᠲᠤᠰᠬᠤᠨ ᠤ ᠨᠠᠮ ᠤᠨ ᠬᠡᠰᠢᠭᠦᠨ᠂ ᠲᠤᠰᠬᠤᠨ ᠤ ᠠᠷᠠᠳ ᠤᠨ ᠦᠵᠡᠰᠭᠦᠯᠡᠩᠳᠦ ᠰᠠᠶᠢᠬᠠᠨ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠬᠤ ᠶᠢ ᠵᠤᠷᠢᠭᠵᠢᠭᠤᠯᠵᠦ᠂ ᠲᠤᠰᠬᠤᠨ ᠤ ᠪᠤᠯᠪᠠᠰᠤᠨ ᠢ ᠬᠦᠳᠦᠯᠦᠨ ᠲᠠᠭᠠᠭᠤᠯᠵᠦ᠂ ᠰᠠᠶᠢᠨ ᠰᠠᠶᠢᠬᠠᠨ ᠭᠡᠷ ᠤᠷᠤᠨ ᠢᠶᠠᠨ ᠬᠠᠮᠳᠦ ᠪᠠᠷ ᠪᠦᠳᠦᠭᠡᠨ ᠪᠠᠶᠢᠭᠤᠯᠬᠤ ᠶᠢᠨ ᠲᠦᠯᠦᠭᠡ ᠡᠯ ᠯᠢ  ᠪᠠᠨ ᠲᠤᠰᠬᠤᠨ ᠤ ᠨᠠᠮ ᠤᠨ ᠡᠭᠦᠷ ᠠᠴᠠ ︽ᠨᠠᠮ ᠤᠨ ᠡᠭᠦᠷ ᠬᠡᠳᠦ ᠲᠡᠯᠭᠡᠭᠦᠷ ᠡᠷᠬᠢᠯᠡᠵᠦ᠂ ᠤᠯᠠᠨ ᠲᠦᠮᠡᠨ ᠬᠤᠪᠢ ᠲᠡᠮᠳᠡᠭᠯᠡᠬᠦ︾ ᠠᠷᠭ᠎ᠠ ᠬᠡᠯᠪᠡᠷᠢ ᠪᠠᠷ ᠲᠠᠮᠵᠢᠭᠤᠯᠤᠨ ᠬᠦᠮᠦᠰ ᠤᠨ ᠤᠷᠤᠰᠢᠨ ᠰᠠᠭᠤᠬᠤ ᠣᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠡᠮᠡᠭᠳᠡᠶᠢᠴᠤᠳ ᠤᠨ ᠦᠢᠯᠡᠳᠦᠯᠭᠡ ᠪᠠᠷ ᠭᠤᠤᠯ ᠪᠤᠯᠭᠠᠭᠰᠠᠨ ᠬᠤᠪᠢ ᠬᠤᠷᠠᠮᠳᠤᠯᠭ᠎ᠠ ᠪᠠᠷ ᠱᠠᠩᠨᠠᠯ ᠰᠤᠯᠢᠬᠤ ᠬᠡᠳᠦ ᠲᠡᠯᠭᠡᠭᠦᠷ ᠡᠷᠬᠢᠯᠡᠪᠡ᠃ ᠡᠷᠦᠬᠡ ᠳᠤ ᠬᠦᠨᠵᠡᠭᠡᠶᠢᠷᠡᠨ ᠤᠬᠠᠭᠤᠯᠬᠤ᠂ ᠰᠠᠨᠠᠭᠠᠴᠢᠯᠭ᠎ᠠ ᠶᠢᠨ ᠪᠢᠴᠢᠭ ᠲᠠᠷᠬᠠᠭᠠᠬᠤ ᠪᠠᠷ ᠲᠠᠮᠵᠢᠭᠤᠯᠤᠨ ᠤᠯᠠᠨ ᠲᠦᠮᠡᠨ ᠢ ᠢᠳᠡᠪᠬᠢᠳᠡᠢ ᠬᠦᠳᠦᠯᠦᠨ ᠬᠦᠳᠡᠭᠡ ᠲᠤᠰᠬᠤᠨ ᠤ ᠣᠷᠴᠢᠨ ᠲᠤᠭᠤᠷᠢᠨ ᠴᠡᠭᠴᠡᠯᠡᠯᠳᠡ ᠶᠢᠨ ᠠᠵᠢᠯᠯᠠᠭ᠎ᠠ ᠳᠤ ᠤᠷᠤᠯᠴᠠᠭᠤᠯᠵᠦ᠂ ᠲᠤᠰᠬᠤᠨ ᠤ ᠪᠦᠬᠦ ᠠᠷᠠᠳ ᠢᠶᠠᠷ ᠢᠶᠠᠨ ᠬᠦᠳᠡᠯᠦᠯᠴᠡᠬᠦ ᠬᠦᠳᠡᠭᠡ ᠲᠤᠰᠬᠤᠨ ᠤ ᠰᠠᠶᠢᠨ ᠰᠠᠶᠢᠬᠠᠨ ᠰᠢᠨ᠎ᠡ ᠭᠡᠪ ᠰᠤᠷᠳᠠᠯ ᠢ ᠪᠤᠢ ᠪᠤᠯᠭᠠᠵᠦ᠂ ︽ᠴᠢᠷᠮᠠᠶᠢᠨ ᠬᠢᠬᠦ᠂ ᠠᠳᠠᠯᠢᠬᠠᠨ ᠬᠢᠬᠦ︾ ᠰᠢᠨ᠎ᠡ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号