︽ᠬᠤᠪᠢᠰᠬᠠᠯᠳᠦ ᠮᠤᠩᠭᠤᠯ ᠭᠡᠷ︾ ᠲᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ  ᠤᠨ ᠡᠳᠦᠷ ᠤᠨ ᠬᠦᠳᠡᠯᠬᠡᠬᠡᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2022/4/24
     4 ᠰᠠᠷ᠎ᠠ   ᠶᠢᠨ14 ᠤ ᠡᠳᠦᠷ᠂ ᠲᠤᠯᠤᠳᠠᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠬᠤᠰᠢᠭᠤᠨ ᠤ ᠠᠮᠤᠷ ᠲᠦᠪᠰᠢᠨ ᠤ ᠠᠯᠪᠠᠨ ᠭᠡᠷ ᠪᠠᠶ᠋ᠬᠠᠤᠪᠤᠭ᠎ᠠ ᠰᠤᠮᠤᠨ ᠤ ᠪᠠᠶᠠᠨᠪᠤᠯᠠᠭ ᠭᠠᠴᠠᠭᠠᠨ ᠤ ︽ᠬᠤᠪᠢᠰᠬᠠᠯᠳᠦ ᠮᠤᠩᠭᠤᠯ ᠭᠡᠷ︾ ᠲᠤ4.15 ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠤᠨ ᠬᠦᠳᠡᠯᠬᠡᠬᠡᠨ ᠡᠷᠬᠢᠯᠡᠵᠦ᠂ ᠬᠤᠰᠢᠭᠤᠨ ᠤ ᠬᠠᠥᠯᠢ ᠴᠠᠭᠠᠵᠠ ᠶᠢᠨ ᠲᠤᠪᠴᠢᠶ᠎ᠠ᠂ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠲᠤᠳᠤᠭᠠᠳᠦ  ᠶᠢ ᠬᠠᠮᠠᠭᠠᠯᠠᠬᠤ ᠲᠤᠪᠴᠢᠶ᠎ᠠ᠂ ᠪᠠᠶᠠᠨᠪᠤᠯᠠᠭ ᠭᠠᠴᠠᠭᠠᠨ ᠤ ᠬᠡᠰᠡᠭ ᠮᠠᠯᠴᠢᠳ ᠬᠦᠳᠡᠯᠬᠡᠬᠡᠨ ᠳᠤ ᠤᠷᠤᠯᠴᠠᠵᠠᠢ᠃
     ᠬᠦᠳᠡᠯᠬᠡᠬᠡᠨ ᠳᠤ ᠬᠠᠥᠯᠢ ᠴᠠᠭᠠᠵᠠ   ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ ᠮᠠᠯᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠬᠠᠷᠢᠯᠴᠠᠭᠠᠨ ᠤ ᠬᠠᠥᠯᠢ ᠲᠦᠷᠢᠮ ᠤᠨ ᠮᠡᠳᠡᠯᠭᠡ ᠵᠢᠴᠢ ᠡᠷᠡᠭᠦᠦ ᠶᠢᠨ ᠬᠠᠥᠯᠢ ᠶᠢᠨ ᠲᠤᠬᠠᠢ ᠮᠡᠳᠡᠯᠬᠡ ᠶᠢ ᠵᠢᠱᠢᠶᠡᠯᠡᠨ ᠲᠠᠶᠢᠯᠪᠤᠷᠢᠯᠠᠵᠦ᠂ ᠪᠤᠭᠤᠳᠦ ᠶᠢᠨ ᠠᠯᠪᠠᠨ ᠭᠡᠷᠡᠴᠢᠯᠡᠭᠡ ᠶᠢᠨ ᠠᠵᠢᠯᠳᠠᠨ ᠪᠠ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ ᠠᠶᠢᠯ ᠭᠡᠷ ᠤᠨ ᠬᠠᠮᠢᠶ᠎ᠠ ᠪᠦᠬᠦᠢ ᠬᠡᠷᠡᠴᠢᠯᠡᠭᠡ ᠬᠢᠯᠭᠡᠬᠦ ᠲᠤᠬᠠᠢ ᠮᠡᠳᠡᠯᠭᠡ᠂ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠬᠠᠢ ᠮᠡᠳᠡᠯᠭᠡ ᠶᠢ ᠦᠪᠡᠷ ᠦᠪᠡᠷ ᠤᠨ  ᠠᠵᠢᠯ ᠤᠨ ᠲᠠᠯ᠎ᠠ ᠠᠴᠠ ᠪᠠᠨ ᠮᠠᠯᠴᠢᠨ ᠲᠦᠮᠡᠨ ᠳᠤ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃
     ᠲᠤᠰ ᠤᠳᠠᠭᠠᠨ ᠤ4.15 ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠢ ᠲᠤᠬᠢᠶᠠᠯᠳᠤᠭᠤᠯᠵᠦ ᠡᠷᠬᠢᠯᠡᠭᠰᠡᠨ ᠬᠦᠳᠡᠯᠬᠡᠬᠡᠨ ᠨᠢ ᠮᠠᠯᠴᠢᠨ ᠲᠦᠮᠡᠨ ᠳᠤ ᠦᠪᠡᠷ ᠤᠨ ᠠᠮᠢᠳᠤᠷᠠᠯ ᠠᠴᠠ ᠨᠢ ᠤᠶᠢᠷ᠎ᠠ ᠪᠠᠶᠢᠳᠠᠭ ᠬᠠᠥᠯᠢ ᠲᠦᠷᠢᠮ ᠢ ᠬᠦᠨᠵᠡᠭᠡᠢ ᠤᠶᠢᠯᠠᠭᠠᠭᠤᠯᠵᠦ᠂ ᠲᠡᠳᠡᠨ ᠤ ᠦᠪᠡᠷ ᠢ ᠪᠠᠨ ᠬᠠᠮᠠᠭᠠᠯᠠᠬᠤ ᠦᠵᠡᠯᠳᠡ ᠲᠠᠨᠢᠯᠳᠠ ᠶᠢ ᠨᠢ ᠲᠡᠭᠡᠭᠰᠢᠯᠡᠭᠦᠯᠬᠦ ᠳᠤ ᠶᠡᠬᠡᠬᠡᠨ ᠠᠰᠢᠭ ᠲᠤᠰᠠ ᠲᠠᠢ ᠪᠤᠯᠬᠤ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号