ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠮᠤᠩᠭᠤᠯ ᠠᠳᠤᠭᠤᠨ ᠤ ᠬᠢᠨᠠᠨ ᠲᠤᠭᠳᠠᠭᠠᠯᠳᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2022/4/25
     ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠨᠦᠬᠦᠪᠦᠷᠢ ᠶᠢᠨ ᠠᠵᠢᠯ ᠤᠨ ᠬᠡᠷᠡᠭᠵᠢᠭᠦᠯᠬᠦ ᠲᠦᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠮᠤᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠵᠦ᠂ ᠮᠤᠩᠭᠤᠯ ᠠᠳᠤᠭᠤᠨ ᠤ ᠶᠠᠰᠦ ᠴᠢᠨᠠᠷ ᠮᠠᠭᠤᠳᠠᠬᠤ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ ᠤᠶᠢᠷ᠎ᠠ ᠳᠤ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠮᠠᠯ ᠠᠵᠦ ᠠᠬᠤᠢ ᠶᠢᠨ ᠰᠠᠶᠢᠵᠢᠷᠠᠭᠤᠯᠤᠯᠳᠠ ᠶᠢᠨ ᠮᠡᠷᠭᠡᠵᠢᠯᠳᠡᠨ ᠢ ᠵᠤᠬᠢᠶᠠᠨ ᠪᠠᠶᠢᠭᠤᠯᠤᠨ ᠪᠠᠶ᠋ᠬᠠᠤᠪᠤᠭ᠎ᠠ ᠰᠤᠮᠤᠨ ᠤ ᠤᠯᠠᠭᠠᠨ ᠭᠠᠴᠠᠭ᠎ᠠ ᠳᠤ ᠬᠦᠷᠴᠦ ᠮᠤᠩᠭᠤᠯ ᠠᠳᠤᠭᠤᠨ ᠤ ᠬᠢᠨᠠᠨ ᠲᠤᠭᠳᠠᠭᠠᠯᠳᠠ ᠶᠢᠨ ᠠᠵᠢᠯ ᠦᠷᠨᠢᠭᠦᠯᠪᠡ᠃
     ᠲᠤᠰ ᠵᠦᠢᠯ ᠢ2020 ᠤᠨ ᠤ9 ᠰᠠᠷ᠎ᠠ ᠶᠢᠨ ᠲᠤᠮᠳᠠᠴᠢ ᠠᠴᠠ ᠡᠬᠢᠯᠡᠨ ᠬᠡᠷᠡᠭᠵᠢᠭᠦᠯᠦᠭᠰᠡᠨ ᠶᠤᠮ᠃ ᠪᠤᠳᠠᠳᠠᠢ ᠠᠭᠤᠯᠭ᠎ᠠ ᠨᠢ ᠮᠤᠩᠭᠤᠯ ᠠᠳᠤᠭᠤᠨ ᠤ ᠭᠠᠳᠠᠷ ᠪᠠᠶᠢᠳᠠᠯ ︵ᠬᠦᠢᠰᠦ ᠶᠢᠨ ᠢᠯᠭᠠᠯ᠂ ᠦᠩᠭᠡ ᠵᠢᠰᠦ᠂ ᠨᠠᠰᠤ ᠵᠢᠯ︶ ᠤᠨ ᠬᠢᠨᠠᠨ ᠲᠤᠭᠳᠠᠭᠠᠯᠳᠠ᠂ ᠪᠡᠶ᠎ᠡ ᠶᠢᠨ ᠬᠡᠮᠵᠢᠯᠳᠡ᠂ ᠡᠯᠧᠺᠲᠷᠤᠨ ᠴᠠᠬᠢᠮ ᠤᠷᠤᠭᠤᠯᠬᠤ ᠵᠢᠴᠢ ᠵᠢᠷᠤᠭ ᠴᠤᠭᠯᠠᠭᠤᠯᠬᠤ ᠵᠡᠷᠭᠡ ᠪᠠᠭᠳᠠᠨ᠎ᠠ᠃ ᠬᠢᠨᠠᠨ ᠲᠤᠭᠳᠠᠭᠠᠯᠳᠠ ᠶᠢᠨ ᠬᠤᠭᠤᠴᠠᠭᠠᠨ ᠳᠤ ᠴᠤᠭᠯᠠᠭᠤᠯᠤᠭᠰᠠᠨ ᠮᠤᠩᠭᠤᠯ ᠠᠳᠤᠭᠤᠨ ᠤ ᠪᠤᠢ ᠪᠦᠬᠦᠢ ᠮᠡᠳᠡᠭᠡ ᠵᠠᠩᠭᠢ ᠳᠤ ᠴᠢᠭᠯᠡᠭᠦᠯᠦᠨ᠂ ᠮᠤᠩᠭᠤᠯ ᠠᠳᠤᠭᠤᠨ ᠳᠤ ᠨᠡᠶᠢᠴᠡᠭᠰᠡᠨ ᠮᠤᠩᠭᠤᠯ ᠠᠳᠤᠭᠤᠨ ᠤ ᠡᠷᠦᠬᠡ ︵ᠬᠤᠷᠰᠢᠶ᠎ᠠ︶ ᠲᠠᠢ ︽ᠮᠤᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠠᠮᠠᠯᠠᠯᠳᠠ  ᠶᠢᠨ ᠪᠢᠴᠢᠭ︾ ᠲᠤᠭᠳᠠᠵᠦ᠂ ︵ᠲᠠᠪᠤᠨ ᠵᠢᠯ ᠤᠨ ᠲᠤᠳᠤᠷ᠎ᠠ ᠬᠤᠳᠠᠯᠳᠤᠬᠤ᠂ ᠨᠢᠳᠤᠯᠠᠬᠤ᠂ ᠠᠷᠠᠯᠵᠢᠶᠠᠯᠠᠵᠦ ᠪᠤᠯᠬᠤ ᠦᠬᠡᠢ︶᠂ ᠪᠦᠬᠦ ᠭᠠᠷᠳᠠᠮ ᠢ ᠪᠡᠶᠡᠯᠡᠭᠦᠯᠦᠭᠰᠡᠨ ᠤ ᠲᠠᠷᠠᠭ᠎ᠠ ᠨᠦᠬᠦᠪᠦᠷᠢ ᠦᠭᠬᠦ ᠶᠢᠨ ᠬᠠᠮᠳᠦ ᠲᠠᠪᠤᠨ ᠵᠢᠯ ᠲᠠᠷᠠᠭᠠᠯᠠᠨ ᠮᠦᠷᠳᠡᠨ ᠬᠠᠮᠢᠶᠠᠷᠤᠨ᠎ᠠ᠃
     ᠲᠤᠰ ᠲᠦᠷᠦᠯ ᠵᠦᠢᠯ ᠢ ᠬᠡᠷᠡᠭᠵᠢᠭᠦᠯᠦᠭᠰᠡᠨ ᠨᠢ ᠲᠤᠬᠠᠢ ᠶᠢᠨ ᠭᠠᠵᠠᠷ ᠤᠨ ᠮᠤᠩᠭᠤᠯ ᠠᠳᠤᠭᠤ ᠲᠡᠵᠢᠭᠡᠨ ᠦᠷᠡᠵᠢᠭᠦᠯᠬᠦ ᠮᠠᠯᠴᠢᠨ ᠡᠷᠦᠬᠡ ᠳᠤ ᠲᠦᠢᠯ ᠤᠨ ᠶᠡᠭᠡ ᠢᠳᠡᠭᠡᠯ ᠵᠤᠷᠢᠭ ᠨᠡᠮᠡᠷᠢᠯᠡᠵᠦ᠂ ᠮᠠᠯᠴᠢᠨ ᠡᠷᠦᠬᠡ ᠶᠢᠨ ᠮᠤᠩᠭᠤᠯ ᠠᠳᠤᠭᠤᠨ ᠤ ᠬᠠᠮᠠᠭᠠᠯᠠᠯᠳᠠ ᠶᠢᠨ ᠬᠠᠯᠠᠭᠤᠨ ᠰᠡᠳᠬᠢᠯᠭᠡ ᠶᠢ ᠤᠯᠠᠮ ᠨᠢᠬᠡ ᠠᠯᠬᠤᠮ ᠡᠷᠴᠢᠯᠡᠵᠦ᠂ ᠬᠤᠶᠢᠰᠢᠳᠠ ᠮᠤᠩᠭᠤᠯ ᠠᠳᠤᠭᠤᠨ ᠤ ᠡᠭᠦᠯᠳᠡᠷ ᠤᠨ ᠬᠠᠮᠠᠭᠠᠯᠠᠯᠳᠠ ᠪᠠ ᠬᠠᠮᠢᠶᠠᠷᠤᠯᠳᠠ ᠶᠢ ᠨᠡᠩ ᠵᠦᠢ ᠵᠤᠬᠢᠰᠳᠠᠢ ᠪᠦᠭᠡᠳ ᠪᠦᠳᠦᠮᠵᠢᠳᠡᠢ ᠪᠡᠶᠡᠯᠡᠬᠦᠯᠬᠦ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号