ᠱᠢ ᠵᠥᠩ ᠴᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25
     4 ᠰᠠᠷ᠎ᠠ ᠶᠢᠨ 21 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠱᠢ ᠵᠥᠩ ᠴᠢᠨ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 7 ᠳ᠋ᠤᠭᠠᠷ ᠤᠳᠠᠭᠠᠨ ᠤ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠵᠶ᠋ᠡᠨᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠤ ᠣᠳᠣᠬᠢᠴᠢᠯᠠᠯᠲᠠ ᠶᠢᠨ ᠰᠢᠨ᠎ᠡ ᠲᠠᠷᠬᠠᠨ ᠮᠤᠤᠮᠢᠩᠭᠠᠨ   ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠦᠨᠳᠦᠰᠦᠨ ᠵᠢᠷᠤᠮᠯᠠᠯ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠩ ᠤᠬᠠᠮᠰᠠᠷ ᠠᠴᠠ ᠪᠠᠨ ᠭᠦᠨᠵᠡᠭᠡᠶ ᠰᠤᠷᠤᠯᠴᠠᠨ ᠰᠠᠶᠢᠲᠤᠷ ᠤᠬᠠᠭᠤᠯᠤᠨ ᠰᠠᠶᠢᠲᠤᠷ ᠲᠤᠤᠱᠯᠠᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶ᠋ᠯ ᠤᠨ ᠠᠵᠢᠯ ᠢ ᠪᠣᠳᠠᠲᠠᠶ ᠠᠳᠬᠤᠨ ᠰᠠᠶᠢᠲᠤᠷ ᠠᠳᠬᠤᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ︽ᠬᠤᠶᠠᠷ ᠢ ᠲᠣᠭᠲᠠᠭᠠᠬᠤ︾ ᠪᠣᠯᠭᠠᠨ ᠬᠤᠪᠢᠷᠠᠭᠤᠯᠵᠤ᠂ ︽ᠬᠤᠶᠠᠷ ᠢ ᠬᠠᠮᠠᠭᠠᠯᠠᠬᠤ︾ ᠪᠣᠳᠠᠲᠤ ᠠᠵᠢᠯᠯᠠᠭ᠎ᠠ ᠶᠢ ᠪᠡᠶᠡᠯᠡᠭᠦᠯᠬᠦ ᠬᠡᠷᠡᠭᠲᠡᠶ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠯᠪᠠᠨ ᠲᠢᠩᠬᠢᠮ ᠤᠨ ︽ᠪᠦᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠰᠠᠭᠤᠳᠠᠯ ᠤᠨ ᠲᠤᠬᠠᠢ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠢᠯᠡᠳᠬᠡᠵᠦ᠂ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠠ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ︽11 ᠵᠦᠢᠯ ᠤᠨ ᠦᠵᠡᠭᠳᠡᠯ︾ ᠲᠠᠢ ᠨᠠᠷᠢᠨ ᠬᠢᠨᠠᠮᠠᠭᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠲᠦᠷᠦᠭᠦᠯᠡᠨ ᠠᠮᠠᠯᠠᠵᠤ ᠠᠮᠠᠯᠠᠯᠲᠠ ᠪᠠᠨ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ ᠂ ᠵᠠᠷᠴᠢᠮᠲᠤ ᠴᠢᠨᠠᠷ᠂ ᠲᠠᠶᠢᠴᠢᠨ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号