ᠱᠢ ᠵᠥᠩ ᠴᠢᠨ ᠬᠤᠰᠢᠭᠤᠨ ᠤ ᠵᠠᠰᠠᠭ ᠤᠨ ᠣᠷᠳᠣᠨ ᠤ 2022 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 52 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25
     4 ᠰᠠᠷ᠎ᠠ ᠶᠢᠨ 21 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠴᠠᠩ ᠱᠢ ᠵᠥᠩ ᠴᠢᠨ ᠬᠤᠰᠢᠭᠤᠨ ᠵᠠᠰᠠᠭ ᠤᠨ ᠣᠷᠳᠣᠨ ᠤ 2022 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 52 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠶ ᠱᠦᠵᠢ ᠰᠢ ᠶᠢᠨ ᠫᠢᠩ ᠬᠠᠶᠢᠨᠠᠨ ᠳᠤ ᠠᠵᠢᠯ ᠪᠠᠶᠢᠴᠠᠭᠠᠬᠤ ᠳᠠᠭᠠᠨ᠂ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠶᠢᠨ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠶᠢᠨ ᠳ᠋ᠦᠩᠨᠡᠨ ᠬᠥᠬᠢᠭᠦᠯᠬᠦ ᠶᠡᠭᠡ ᠬᠤᠷᠠᠯ ᠳᠡᠭᠡᠷ᠎ᠡ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠠᠭᠤᠰᠬᠢᠨ ᠰᠢᠨ᠎ᠡ ᠦᠷᠪᠢᠰᠦᠯ ᠤᠨ ᠬᠢᠵᠢᠭ ᠤᠨ ᠪᠠᠶᠢᠳᠠᠯ ᠪᠠ ᠬᠤᠯᠤᠭᠠᠨ᠎ᠠ ᠬᠢᠵᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃
      ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠠᠷᠠᠯᠲᠠ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠨᠢᠭᠡ ᠠᠵᠢᠯ ᠲᠦᠷᠦᠯ ᠳᠤ ᠨᠢᠭᠡ ᠪᠤᠳᠤᠯᠭ᠎ᠠ ᠲᠣᠭᠲᠠᠭᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ᠬᠤᠷᠠᠯ ᠠᠴᠠ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠤᠯᠠᠭᠠᠨ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠪᠠᠷ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠪᠠᠷᠢᠮᠲᠠᠯᠠᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠠᠷᠭ᠎ᠠ  ᠬᠡᠮᠵᠢᠶ᠎ᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠢᠯᠪᠡᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠨ ᠡᠵᠡᠮᠳᠡᠵᠦ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠤᠬᠠᠭᠤᠯᠭ᠎ᠠ ᠬᠥᠮᠦᠵᠢᠯ ᠬᠢᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃      ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠲᠥᠰᠦᠯ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠠᠵᠢᠯ ᠤᠨ ᠲᠥᠰᠦᠯ᠂ ︽ᠨᠢᠭᠡ ᠠᠵᠢᠯ ᠲᠦᠷᠦᠯ ᠳᠤ ᠨᠢᠭᠡ ᠪᠤᠳᠤᠯᠭ᠎ᠠ ᠲᠣᠭᠲᠠᠭᠠᠬᠤ︾ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠨᠠᠷᠢᠨ ᠳᠠᠩᠰᠠ ᠶᠢᠨ ᠭᠠᠷᠴᠠᠭ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号