ᠣᠷᠣᠨ ᠨᠤᠳᠤᠭ ᠤᠨ ᠮᠢᠬᠠᠨ ᠤ ᠦᠢᠯᠡᠰ ᠡᠷᠬᠢᠯᠡᠵᠦ ᠣᠯᠠᠨ ᠲᠦᠮᠡᠨ ᠢᠶᠠᠨ ᠲᠠᠶᠢᠴᠢᠯᠠᠵᠦ ᠶᠠᠪᠤᠭ᠎ᠠ — ᠪᠠᠶᠠᠯᠢᠭ
ᠨᠡᠶᠢᠲᠡᠯᠡᠭᠰᠡᠨ ᠴᠠᠭ᠄
2022/4/27
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠷᠬᠠᠨ ᠰᠤᠮᠤᠨ ᠤ ᠠᠯᠳᠠᠨᠳᠤᠭ ᠭᠠᠴᠠᠭ᠎ᠠ ᠪᠠᠷ ᠨᠤᠳᠤᠭ ᠲᠠᠢ ᠪᠠᠶᠠᠯᠢᠭ2019 ᠤᠨ ᠠᠴᠠ ᠪᠠᠳᠤᠬᠠᠭᠠᠯᠭ᠎ᠠ ᠪᠠᠯᠭᠠᠰᠤᠨ ᠳᠤ ︽ᠪᠠᠶᠠᠵᠢᠨ᠎ᠠ ᠪᠠᠩᠰᠢ ᠪᠤᠤᠵᠠ ᠶᠢᠨ ᠲᠡᠯᠭᠡᠭᠦᠷ︾ ᠡᠵᠡᠩᠨᠡᠨ ᠡᠷᠬᠢᠯᠡᠵᠦ ᠪᠠᠶᠢᠭᠰᠠᠨ ᠢᠶᠠᠨ ᠠᠷᠠᠯᠵᠢᠶ᠎ᠠ ᠪᠠᠨ ᠦᠷᠭᠡᠳᠭᠡᠨ2021 ᠤᠨ ᠤ ᠡᠪᠦᠯ ᠠᠴᠠ ᠡᠬᠢᠯᠡᠨ ︽ᠪᠠᠶᠠᠵᠢᠨ᠎ᠠ ᠮᠢᠬᠠᠨ ᠤ ᠲᠡᠯᠭᠡᠭᠦᠷ︾ ᠮᠢᠬᠠᠨ ᠤ ᠦᠢᠯᠡᠰ ᠢᠶᠠᠨ ᠡᠬᠢᠯᠡᠭᠦᠯᠦᠭᠰᠡᠨ  ᠪᠢᠯᠡ᠃
     ᠮᠠᠯ ᠤᠨ ᠮᠢᠬᠠᠨ ᠤ ᠦᠨ᠎ᠡ ᠬᠠᠩᠰᠢ ᠦᠰᠴᠦ ᠪᠠᠶᠢᠭ᠎ᠠ ᠲᠤᠬᠢᠶᠠᠯ ᠢᠶᠠᠷ ᠪᠠᠶᠠᠯᠢᠭ ᠤᠨ ︽ᠪᠠᠶᠠᠵᠢᠨ᠎ᠠ ᠮᠢᠬᠠᠨ  ᠤ ᠲᠠᠯᠭᠡᠭᠦᠷ︾ ᠭᠤᠤᠯᠳᠠᠭᠤ ᠬᠤᠨᠢ ᠦᠬᠡᠷ ᠤᠨ ᠮᠢᠬ᠎ᠠ᠂ ᠬᠤᠰᠬᠢᠨᠠᠭ᠂ ᠴᠢᠳᠬᠤᠭᠰᠠᠨ ᠬᠡᠳᠡᠰᠦ᠂ ᠦᠪᠡᠷ ᠢᠶᠠᠨ ᠨᠠᠶᠢᠷᠠᠭᠤᠯᠤᠨ ᠬᠢᠭᠰᠡᠨ ᠪᠠᠩᠰᠢ᠂ ᠪᠤᠤᠵᠠ  ᠵᠡᠷᠭᠡ ᠶᠢ ᠬᠤᠳᠠᠯᠳᠤᠨ᠂ ᠤᠷᠤᠨ ᠨᠤᠳᠤᠭ ᠤᠨ ᠴᠤᠯ ᠪᠠᠶᠢᠭᠠᠯᠢᠯᠢᠭ ᠪᠤᠬᠢᠷᠳᠤᠯ ᠦᠬᠡᠢ ᠬᠤᠨᠢ ᠦᠬᠡᠷ ᠤᠨ ᠮᠢᠬ᠎ᠠ ᠪᠠᠨ ᠪᠤᠷᠤᠯᠠᠭᠤᠯᠵᠦ᠂ ᠮᠠᠯ ᠤᠨ ᠮᠢᠬᠠᠨ ᠤ ᠦᠢᠯᠡᠰ ᠤᠨ ᠬᠢᠭᠵᠢᠯᠳᠡ  ᠶᠢ ᠲᠠᠶᠢᠴᠢᠯᠠᠬᠤ ᠪᠠᠷ ᠪᠠᠷᠠᠬᠤ ᠦᠬᠡᠢ ᠪᠠᠰᠠ ᠨᠠᠶᠢᠵᠠ ᠨᠦᠬᠦᠳ ᠤᠨ ᠬᠠᠪᠰᠤᠷᠤᠯᠭ᠎ᠠ ᠪᠠ ᠸᠢᠴᠠᠲ ᠬᠤᠳᠠᠯᠳᠤᠭ᠎ᠠ ᠶᠢ ᠠᠰᠢᠭᠯᠠᠬᠤ ᠵᠡᠷᠭᠡ ᠬᠡᠯᠪᠡᠷᠢ ᠪᠠᠷ ᠵᠠᠬ᠎ᠠ ᠲᠡᠯᠭᠡᠭᠦᠷ ᠢᠶᠠᠨ ᠬᠦᠭᠵᠢᠶᠡᠨᠳᠡᠢ ᠪᠤᠯᠭᠠᠵᠠᠢ᠃ ᠤᠳᠤᠬᠠᠨ ᠳᠤ ᠱᠠᠩᠬᠠᠢ᠂ ᠬᠠᠩᠵᠸᠦ᠂ ᠬᠦᠬᠡᠬᠤᠳᠠ᠂ ᠪᠠᠶᠠᠨᠨᠠᠭᠤᠷ᠂ ᠬᠦᠮᠦᠨ ᠪᠤᠶᠢᠷ ᠵᠡᠷᠭᠡ ᠤᠷᠤᠨ ᠤ ᠲᠤᠳᠤᠨ᠎ᠠ ᠭᠠᠳᠠᠨᠠᠬᠢ ᠤᠯᠠᠨ ᠬᠤᠳᠠ  ᠪᠠᠷ ᠪᠤᠷᠤᠯᠠᠭᠤᠯᠤᠨ᠂ ᠤᠯᠠᠨ ᠤ ᠰᠠᠶᠢᠨ ᠦᠨᠡᠯᠡᠯᠳᠡ ᠶᠢ ᠤᠯᠵᠦ᠂ ᠬᠤᠳᠠᠯᠳᠤᠨ ᠠᠪᠬᠤ ᠬᠦᠮᠦᠰ ᠴᠦ ᠤᠯᠠᠰᠢᠷᠠᠨ᠂ ᠤᠷᠤᠯᠭ᠎ᠠ ᠨᠢ ᠨᠡᠮᠡᠭᠳᠡᠵᠦ᠂ ᠵᠠᠯᠠᠭᠤ ᠨᠢᠬᠡᠨ ᠦᠶ᠎ᠡ ᠶᠢᠨ ᠦᠢᠯᠡᠰ ᠪᠤᠰᠬᠠᠭᠴᠢ ᠶᠢᠨ ᠬᠡᠪ ᠲᠠᠭᠤᠷᠢᠶᠠᠯ ᠪᠤᠯᠵᠦ᠂ ᠤᠷᠤᠨ ᠨᠤᠳᠤᠭ ᠤᠨ ᠪᠠᠶᠢᠭᠠᠯᠢᠯᠢᠭ ᠭᠠᠷᠤᠯᠳᠠ ᠶᠢ ᠵᠠᠬ᠎ᠠ ᠲᠡᠯᠭᠡᠭᠦᠷ ᠲᠤ ᠭᠠᠷᠭᠠᠨ᠂ ᠤᠯᠠᠨ ᠲᠠᠶᠠᠭᠠᠷ ᠲᠤ ᠲᠠᠨᠢᠭᠤᠯᠤᠨ ᠮᠡᠳᠡᠭᠦᠯᠵᠦ᠂ ᠬᠡᠷᠡᠭᠯᠡᠭᠴᠢᠳ ᠲᠤ ᠰᠢᠨ᠎ᠡ ᠰᠤᠷᠭᠤᠭ ᠪᠤᠬᠢᠷᠳᠤᠯ ᠦᠭᠡᠢ ᠬᠦᠳᠡᠭᠡ ᠶᠢᠨ ᠮᠢᠬ᠎ᠠ ᠤᠯᠵᠦ ᠢᠳᠡᠬᠦ ᠲᠦᠭᠦᠮ ᠦᠢᠯᠡᠴᠢᠯᠡᠭᠡ ᠶᠢ ᠬᠠᠩᠭᠠᠵᠦ ᠪᠠᠶᠢᠨ᠎ᠠ᠃
     ᠬᠤᠶᠢᠰᠢᠳᠠ ᠪᠠᠶᠠᠯᠢᠭ ᠪᠤᠷᠤᠯᠠᠭᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠴᠢᠯᠡᠨ᠂ ᠠᠰᠢᠭ ᠤᠷᠤᠯᠭ᠎ᠠ ᠪᠠᠨ ᠨᠡᠮᠡᠭᠳᠡᠭᠦᠯᠬᠦ ᠪᠠᠷ ᠪᠠᠷᠠᠬᠤ ᠦᠭᠡᠢ ᠤᠷᠤᠨ ᠨᠤᠳᠤᠭ ᠤᠨ ᠮᠠᠯ ᠤᠨ ᠠᠰᠢᠭ ᠰᠢᠮ᠎ᠡ   ᠶᠢᠨ ᠦᠢᠯᠡᠰ ᠢ ᠬᠦᠭᠵᠢᠭᠦᠯᠦᠨ ᠮᠠᠯᠴᠢᠨ ᠲᠦᠮᠡᠨ ᠢᠶᠠᠨ ᠲᠠᠶᠢᠴᠢᠯᠠᠵᠦ᠂ ᠪᠠᠶᠠᠵᠢᠯ ᠤᠨ ᠰᠢᠨ᠎ᠡ ᠠᠷᠭ᠎ᠠ ᠵᠠᠮ ᠢ ᠰᠦᠪᠡᠭᠴᠢᠯᠡᠨ᠂ ︽ᠲᠠᠷᠬᠠᠨ     ᠮᠤᠤᠮᠢᠩᠭᠠᠨ ᠤ ᠲᠠᠯ᠎ᠠ ᠨᠤᠳᠤᠭ ᠤᠨ ᠬᠤᠨᠢ︾ ᠬᠡᠭᠦ ᠰᠢᠯᠢᠳᠡᠭ ᠨᠡᠷ᠎ᠡ ᠲᠡᠮᠳᠡᠭ ᠢ ᠠᠯᠳᠠᠷᠰᠢᠭᠤᠯᠬᠤ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号