ᠵᠢᠶᠠ ᠪᠦᠦ ᠯᠢᠶᠠᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠪᠦᠷᠢᠯᠡᠯ ᠵᠢᠴᠢ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/4/28
     4 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠷᠢᠳ ᠬᠤᠵᠢᠳ ᠪᠠᠷᠠᠭᠤᠨ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠢᠨ ᠤᠪᠤᠭ᠎ᠠ ᠶᠢᠨ ᠤᠰᠤ ᠦᠭᠡᠢ ᠹᠯᠣᠷᠲᠤ ᠬᠥᠩᠭᠡᠨᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ ᠲᠦᠩᠰᠡ ᠶᠢ ᠦᠢᠯᠡᠳᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠵᠢᠴᠢ ᠪᠠᠲᠤᠬᠠᠭᠠᠯᠭ᠎ᠠ ᠪᠠᠯᠭᠠᠰᠤ ᠶᠢᠨ ᠳᠦᠷᠪᠡᠨ ᠰᠣᠶᠣᠯ ᠤᠨ ᠲᠠᠩ ᠴᠣᠭᠴᠠᠲᠤ ᠪᠠᠷᠢᠯᠭ᠎ᠠ ᠳᠤ ᠬᠦᠷᠴᠡᠢ᠃ ᠠᠵᠤ  ᠦᠢᠯᠡᠪᠦᠷᠢ ᠶᠢᠨ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠲᠥᠯᠥᠪᠵᠢᠭᠦᠯᠭᠡ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ  ᠦᠢᠯᠡᠳᠪᠦᠷᠢᠯᠡᠯ ᠵᠢᠴᠢ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠨ᠎ᠠ᠃      ᠠᠵᠤ ᠠᠬᠤᠶᠢᠯᠠᠯ ᠪᠣᠯᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠵᠢᠶᠠ ᠪᠦᠦ ᠯᠢᠶᠠᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠵᠣᠷᠢᠭᠵᠢᠭᠤᠯᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠵᠦ ᠳᠡᠶᠢᠯᠬᠦ᠂ ᠪᠦᠳᠦᠬᠡᠨ ᠪᠠᠶᠢᠭᠤᠯᠤᠯᠲᠠ ᠪᠠᠲᠤᠯᠠᠭ᠎ᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠡᠨᠡᠬᠦ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ᠃ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭᠠᠳᠬᠠᠵᠤ᠂  ᠦᠢᠯᠡᠴᠢᠯᠡᠭᠡᠨ ᠤ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠤᠶᠢᠯᠠᠭᠠᠨ ᠡᠮᠬᠢᠯᠡᠵᠦ᠂ ᠲᠤᠬᠠᠶ ᠶᠢᠨ ᠲᠠᠯᠠᠪᠤᠷ ᠲᠤ ᠠᠵᠢᠯᠯᠠᠬᠤ᠂ ᠳᠠᠷᠦ᠋ᠢᠬᠠᠨ ᠭᠥᠯᠢᠶᠡᠨ ᠠᠪᠴᠤ ᠳᠠᠷᠦ᠋ᠢᠬᠠᠨ  ᠭᠦᠢᠴᠡᠳᠭᠡᠬᠦ᠂ ᠣᠯᠠᠨ ᠰᠠᠯᠠᠭ᠎ᠠ ᠮᠥᠴᠢᠷ ᠬᠠᠮᠲᠤᠷᠠᠨ  ᠭᠦᠢᠴᠡᠳᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠨᠥᠯᠥᠭᠡᠯᠡᠨ ᠬᠢᠵᠠᠭᠠᠷᠯᠠᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠬᠠᠮᠤᠭ ᠤᠨ ᠲᠦᠷᠭᠡᠨ ᠬᠤᠷᠳᠤᠴᠠ ᠪᠠᠷ  ᠰᠢᠢᠳᠪᠦᠷᠢᠯᠡᠵᠦ ᠂ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃      ᠲᠦᠷᠪᠡᠨ ᠰᠣᠶᠣᠯ ᠤᠨ ᠲᠠᠩ ᠴᠣᠭᠴᠠᠲᠤ ᠪᠠᠷᠢᠯᠭ᠎ᠠ ᠳᠤ᠂ ᠵᠢᠶᠠ ᠪᠦᠦ ᠯᠢᠶᠠᠩ ᠲᠤᠬᠠᠢ ᠶᠢᠨ ᠭᠠᠵᠠᠷ ᠲᠤᠨᠢ ᠰᠣᠶᠣᠯ ᠤᠨ ᠠᠭᠤᠳᠠᠮ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠵᠡᠭᠦᠯᠦᠯᠭᠡ ᠶᠢᠨ ᠲᠢᠩᠬᠢᠮ ᠤᠨ ᠲᠥᠯᠥᠪᠵᠢᠭᠦᠯᠭᠡ ᠶᠢᠨ ᠬᠥᠭᠵᠢᠯᠲᠡ᠂ ᠴᠢᠳᠠᠪᠬᠢ ᠶᠢᠨ ᠪᠠᠶᠢᠷᠢᠯᠠᠭᠤᠯᠤᠯᠲᠠ ᠵᠡᠷᠭᠡ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠭᠤᠳᠠᠮ ᠲᠠᠯᠠᠪᠠᠶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠴᠢᠳᠠᠮᠵᠢ ᠶᠢᠨ ᠲᠥᠬᠦᠷᠵᠢᠭᠦᠯᠦᠯᠲᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠰᠣᠶᠣᠯ ᠤᠨ ᠤᠯᠠᠮᠵᠢᠯᠠᠯ᠂ ᠵᠤᠭ᠎ᠠ ᠴᠡᠩᠭᠡᠯ᠂ ᠪᠣᠬᠢᠷᠲᠤᠯ ᠥᠬᠡᠶ ᠪᠠᠶᠢᠭᠠᠯᠢᠯᠢᠭ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠮᠠᠨ ᠤ ᠬᠤᠰᠢᠭᠤᠨ ᠤ ᠭᠠᠵᠠᠷ ᠣᠷᠣᠨ ᠤ ᠪᠡᠯᠭᠡ ᠲᠡᠮᠳᠡᠭ ᠤᠨ ᠴᠢᠨᠠᠷᠲᠠᠶ ᠣᠷᠣᠨ ᠪᠦᠰᠡ ᠶᠢ ᠪᠠᠶᠢᠭᠤᠯᠬᠤ ᠬᠡᠷᠡᠭᠲᠡᠶ᠃ ᠡᠯ᠎ᠡ ᠲᠠᠯᠠᠪᠤᠷ ᠣᠷᠳᠣᠨ ᠤ ᠴᠢᠳᠠᠮᠵᠢᠳᠤ ᠣᠷᠣᠨ ᠤ ᠬᠤᠪᠢᠶᠠᠷᠢᠯᠠᠯ᠂ ᠪᠦᠲᠦᠴᠡ ᠶᠢᠨ ᠪᠠᠶᠢᠷᠢᠰᠢᠯ ᠢ ᠲᠡᠰ ᠳᠡᠪᠰᠢᠭᠦᠯᠦᠨ ᠲᠡᠭᠦᠯᠳᠡᠷᠵᠢᠭᠦᠯᠵᠦ᠂ ᠪᠣᠷᠣᠯᠠᠭᠤᠯᠭ᠎ᠠ ᠰᠠᠶᠢᠲᠠᠶ ᠰᠢᠷᠢᠰ ᠰᠣᠶᠣᠯ ᠤᠨ ᠠᠵᠢᠯᠯᠠᠭ᠎ᠠ ᠶᠢ ᠤᠬᠠᠭᠠᠯᠠᠨ ᠥᠷᠨᠢᠭᠦᠯᠵᠦ᠂ ᠰᠣᠶᠣᠯ ᠤᠨ ᠲᠠᠯᠠᠪᠤᠷ ᠣᠷᠳᠣᠨ ᠤ ᠠᠰᠢᠭᠯᠠᠯᠲᠠ ᠶᠢᠨ ᠨᠤᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠴᠠᠭ ᠦᠶ᠎ᠡ ᠶᠢᠨ ᠬᠥᠭᠵᠢᠯᠲᠡ ᠳᠤ ᠵᠣᠬᠢᠴᠠᠭᠰᠠᠨ ᠨᠢᠭᠡ ᠪᠦᠯᠦᠭ ᠲᠠᠶᠢᠯᠪᠤᠷᠢᠯᠠᠭᠴᠢ ᠶᠢᠨ ᠪᠦᠯᠬᠦᠮ ᠢ ᠬᠥᠮᠦᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂  ᠃      ᠬᠤᠰᠢᠭᠤᠨ ᠤ ᠤᠳᠤᠷᠢᠳᠤᠯᠭ᠎ᠠ ᠶᠤᠸᠠᠨ ᠹᠠᠨ᠂ ᠵᠠᠩ ᠰᠢᠤᠢ᠂ ᠯᠢᠦ ᠶᠧ᠂  ᠬᠤ᠋ ᠴᠢᠶᠠᠩ᠂ ᠯᠢ ᠪᠦᠦ ᠴᠦᠨ᠂ ᠵᠢᠶ ᠴᠢᠤᠸᠠᠨ ᠵᠤ᠋ ᠵᠢᠴᠢ ᠬᠠᠮᠢᠶ᠎ᠠ ᠪᠥᠬᠦᠶ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号