ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/4/28
   ᠯᠢ ᠺᠧ ᠴᠢᠶᠠᠩ    ᠸᠠᠩ ᠬᠣ᠋ ᠨᠢᠩ    ᠬᠠᠨ ᠵᠧᠩ ᠣᠷᠣᠯᠴᠠᠪᠠ      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠡᠷᠬᠢᠯᠡᠭᠴᠢ ᠰᠢ ᠶᠢᠨ ᠫᠢᠩ 4 ᠰᠠᠷ᠎ᠠ ᠶᠢᠨ 26 ᠤ ᠡᠳᠦᠷ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠰᠠᠭᠤᠳᠠᠯ ᠢ ᠰᠤᠳᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠳᠤᠯᠪᠠ᠃ ᠰᠢ ᠶᠢᠨ ᠫᠢᠩ᠂ ᠰᠠᠭᠤᠷᠢ ᠲᠥᠬᠦᠭᠡᠷᠦᠮᠵᠢ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠣᠯᠤᠨ ᠬᠥᠭᠵᠢᠯᠲᠡ ᠶᠢᠨ ᠵᠠᠭᠪᠤᠷ ᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠬᠦ ᠬᠡᠷᠡᠭᠲᠡᠢ︔ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠪᠣᠯ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠠᠵᠢᠯ ᠢ ᠤᠳᠤᠷᠢᠳᠬᠤ ᠴᠢᠬᠤᠯᠠ ᠲᠦᠷᠢᠮ ᠤᠨ ᠲᠣᠬᠢᠷᠠᠭᠤᠯᠤᠯᠲᠠ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠵᠤ᠂ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠸᠠᠩ ᠬᠣ᠋ ᠨᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠬᠠᠨ ᠵᠧᠩ ᠬᠤᠷᠠᠯ ᠳᠤ ᠣᠷᠣᠯᠴᠠᠪᠠ᠃      ᠬᠤᠷᠠᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠬᠦᠭᠡᠷᠦᠮᠵᠢ᠂ ᠤᠰᠤᠨ ᠠᠰᠢᠭᠯᠠᠯᠲᠠ ᠶᠢᠨ ᠢᠨᠵᠧᠨᠧᠷᠢᠩ᠂ ᠵᠠᠮ ᠬᠠᠷᠢᠯᠴᠠᠭᠠᠨ ᠤ ᠬᠦᠢᠰᠦ᠂ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠨᠥᠭᠡᠴᠡ ᠵᠡᠷᠭᠡ ᠲᠠᠯ᠎ᠠ ᠪᠠᠷ ᠨᠢᠭᠡ ᠪᠦᠯᠦᠭ ᠳᠡᠯᠡᠬᠡᠢ ᠶᠢᠨ ᠲᠡᠷᠢᠭᠦᠨ ᠤ ᠦᠷ᠎ᠡ ᠪᠦᠲᠦᠭᠡᠯ ᠢ ᠡᠬᠦᠳᠴᠤ᠂ ᠰᠠᠭᠤᠷᠢ ᠲᠥᠬᠦᠭᠡᠷᠦᠮᠵᠢ ᠶᠢᠨ ᠪᠦᠬᠦᠯᠢ ᠴᠣᠭᠴᠠ ᠶᠢᠨ ᠲᠦᠪᠰᠢᠨ ᠲᠠᠪᠠᠯᠳᠠᠳᠤ ᠮᠠᠶ᠋ᠢᠭ ᠤᠨ ᠳᠡᠭᠡᠭᠰᠢᠯᠡᠯᠲᠡ ᠶᠢ ᠪᠡᠶᠡᠯᠡᠭᠦᠯᠪᠡ᠃ ᠡᠭᠦᠨ ᠤ ᠬᠠᠮᠲᠤ᠂ ᠮᠠᠨ ᠤ ᠤᠯᠤᠰ ᠤᠨ ᠰᠠᠭᠤᠷᠢ ᠲᠥᠬᠦᠭᠡᠷᠦᠮᠵᠢ ᠨᠢ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠪᠠᠲᠤᠯᠠᠭ᠎ᠠ ᠶᠢᠨ ᠬᠡᠷᠡᠭᠴᠡᠭᠡ ᠲᠠᠢ ᠬᠠᠷᠢᠴᠠᠭᠤᠯᠪᠠᠯ ᠪᠠᠰᠠ ᠵᠣᠬᠢᠴᠠᠬᠤ ᠦᠭᠡᠢ ᠪᠠᠶᠢᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠨᠢ ᠤᠯᠤᠰ ᠤᠨ ᠠᠮᠤᠷ ᠲᠦᠪᠰᠢᠨ ᠢ ᠪᠠᠲᠤᠯᠠᠬᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠡᠷᠬᠡᠪᠰᠢ ᠲᠠᠨᠢᠵᠤ ᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠬᠤᠷᠠᠯ ᠠᠴᠠ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠤ᠂ ᠰᠢᠰᠲ᠋ᠧᠮ ᠲᠠᠢ ᠲᠦᠯᠦᠪᠵᠢᠭᠦᠯᠦᠨ᠂ ᠪᠦᠬᠦᠯᠢ ᠴᠣᠭᠴᠠ ᠪᠠᠷ ᠬᠠᠮᠵᠢᠯᠴᠠᠵᠤ᠂ ᠤᠨᠢᠨ ᠲᠡᠭᠡᠷ᠎ᠡ ᠨᠢ ᠳᠤᠲᠠᠭᠤᠳᠠᠯ ᠢ ᠨᠥᠬᠦᠪᠥᠷᠢᠯᠡᠨ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠵᠤ᠂ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠠ ᠬᠥᠭᠵᠢᠯᠲᠡ ᠶᠢᠨ ᠵᠠᠭᠪᠤᠷ ᠢ ᠰᠢᠯᠢᠳᠡᠭᠵᠢᠭᠦᠯᠵᠤ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠤ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ᠂ ᠠᠮᠤᠷ ᠲᠦᠪᠰᠢᠨ ᠤ ᠦᠷ᠎ᠡ ᠠᠰᠢᠭ ᠢ ᠨᠢᠭᠡᠳᠭᠡᠬᠦ ᠶᠢ ᠪᠡᠶᠡᠯᠡᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠶᠯᠡᠴᠢᠯᠡᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ᠃ ᠠᠯᠤᠰ ᠬᠡᠳᠦ ᠠᠴᠠ ᠪᠤᠳᠤᠯᠬᠢᠯᠠᠵᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠪᠣᠯᠤᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠠᠬᠢ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠤᠯᠠᠮᠵᠢᠯᠠᠯᠲᠤ ᠰᠠᠭᠤᠷᠢ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠣᠬᠢᠰᠲᠠᠢ ᠪᠠᠷ ᠤᠷᠢᠳᠴᠢᠯᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠠᠰᠢᠭᠲᠠᠢ ᠰᠠᠭᠤᠷᠢ ᠲᠥᠬᠦᠭᠡᠷᠦᠮᠵᠢ ᠶᠢ ᠪᠠᠶᠢᠷᠢᠰᠢᠭᠤᠯᠬᠤ ᠶᠢᠨ ᠬᠠᠮᠲᠤ ᠤᠷᠢᠳᠴᠢᠯᠠᠨ ᠪᠦᠳᠦᠭᠡᠨ ᠪᠠᠶᠢᠭᠤᠯᠬᠤ ᠬᠡᠮ ᠬᠡᠮᠵᠢᠶ᠎ᠠ ᠶᠢ ᠰᠠᠶᠢᠲᠤᠷ ᠡᠵᠡᠮᠳᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠦᠬᠦ ᠠᠮᠢ ᠨᠠᠰᠤᠨ ᠤ ᠦᠶᠡᠯᠡᠯ ᠳᠤ ᠰᠠᠭᠤᠷᠢᠯᠠᠨ᠂ ᠡᠯ᠎ᠡ ᠲᠦᠷᠦᠯ ᠤᠨ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠬᠦ ᠬᠡᠷᠡᠭᠲᠡᠢ᠃ ᠣᠯᠠᠨ ᠲᠠᠯ᠎ᠠ ᠪᠠᠷ ᠬᠥᠳᠡᠯᠭᠡᠭᠦᠷ ᠪᠣᠯᠭᠠᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠲᠥᠪ ᠪᠠ ᠣᠷᠣᠨ ᠨᠤᠲᠤᠭ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ ᠨᠡᠶᠢᠭᠡᠮ ᠤᠨ ᠡᠳ᠋ ᠬᠥᠷᠥᠩᠭᠡ ᠵᠡᠷᠭᠡ ᠣᠯᠠᠨ ᠲᠠᠯ᠎ᠠ ᠶᠢᠨ ᠦᠶᠯᠡᠳᠦᠯ ᠢ ᠪᠠᠳᠠᠷᠠᠭᠤᠯᠵᠤ᠂ ᠳᠠᠪᠬᠤᠷᠭ᠎ᠠ ᠬᠤᠪᠢᠶᠠᠨ ᠲᠥᠷᠥᠯ ᠬᠤᠪᠢᠶᠠᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠦᠷ᠎ᠡ ᠠᠰᠢᠭ ᠢ ᠴᠢᠬᠤᠯᠠᠴᠢᠯᠠᠵᠤ᠂ ᠠᠵᠤ ᠠᠬᠤᠶ ᠶᠢᠨ ᠲᠠᠩᠰᠠ ᠶᠢ ᠪᠤᠳᠤᠬᠤ ᠮᠥᠷᠲᠡᠭᠡᠨ ᠪᠠᠰᠠ ᠶᠡᠷᠦᠩᠬᠡᠢ ᠲᠠᠩᠰᠠ ᠶᠢ ᠪᠤᠳᠤᠵᠤ᠂ ᠰᠠᠭᠤᠷᠢ ᠲᠥᠬᠦᠭᠡᠷᠦᠮᠵᠢ ᠶᠢᠨ ᠪᠥᠬᠦ ᠠᠮᠢ ᠨᠠᠰᠤᠨ ᠤ ᠦᠶᠡᠯᠡᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃      ᠬᠤᠷᠠᠯ ᠠᠴᠠ᠂ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠰᠦᠯᠵᠢᠶᠡᠨ ᠤ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶ᠎ᠡ ᠶᠢ ᠬᠤᠯᠪᠣᠬᠤ᠂ ᠰᠦᠯᠵᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠶᠢ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠭᠠᠵᠤ᠂ ᠰᠦᠯᠵᠢᠶᠡᠨ ᠤ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠭᠤᠣᠯ ᠠᠷᠤᠭ ᠶᠠᠰᠤ ᠶᠢ ᠲᠦᠷᠭᠡᠳᠭᠡᠨ ᠪᠠᠶᠢᠭᠤᠯᠵᠤ᠂ ᠳᠠᠯᠠᠢ ᠳᠠᠭᠠᠤ ᠪᠠ ᠳᠣᠲᠣᠭᠠᠳᠤ ᠭᠤᠣᠯ ᠮᠥᠷᠡᠨ ᠤ ᠭᠠᠷᠠᠮ ᠤᠨ ᠤᠰᠤᠨ ᠵᠠᠮ ᠤᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠤᠯᠤᠰ ᠤᠨ ᠤᠰᠤᠨ ᠲᠡᠭᠡᠭᠡᠪᠦᠷᠢ ᠶᠢᠨ ᠲᠥᠬᠦᠭᠡᠷᠦᠮᠵᠢ ᠶᠢᠨ ᠲᠣᠣᠷ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠬᠡᠷᠡᠭᠳᠠᠢ᠃ ᠲᠠᠷᠬᠠᠮᠠᠯ ᠮᠠᠶ᠋ᠢᠭ ᠤᠨ ᠣᠶᠤᠨᠴᠢᠯᠠᠭᠰᠠᠨ ᠴᠠᠬᠢᠯᠭᠠᠨ ᠲᠣᠣᠷ ᠢ ᠬᠥᠭᠵᠢᠭᠦᠯᠵᠦ᠂ ᠨᠢᠭᠡ ᠪᠦᠯᠦᠭ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠵᠤ ᠂ ᠲᠣᠰᠣ ᠬᠡᠢ ᠶᠢᠨ ᠬᠤᠭᠤᠯᠠᠢ ᠶᠢᠨ ᠲᠣᠣᠷ ᠢ ᠲᠦᠷᠭᠡᠳᠭᠡᠨ ᠲᠡᠭᠦᠯᠳᠡᠷᠵᠢᠭᠦᠯᠬᠦ ᠬᠡᠷᠡᠭᠳᠠᠢ᠃ ᠤᠯᠤᠰ ᠤᠨ ᠤᠰᠤᠨ ᠤ ᠲᠤᠤᠷ ᠤᠨ ᠭᠤᠤᠯ ᠠᠷᠤᠭ ᠶᠠᠰᠤ ᠪᠠ ᠲᠣᠮᠣ ᠯᠤᠭᠰᠢᠭᠤᠨ ᠰᠤᠳᠠᠯ ᠢ ᠲᠦᠷᠭᠡᠳᠭᠡᠨ ᠪᠠᠶᠢᠭᠤᠯᠵᠤ᠂ ᠭᠤᠤᠯᠳᠠᠯᠭ᠎ᠠ ᠲᠠᠢ ᠤᠰᠤᠨ ᠰᠤᠷᠪᠤᠯᠵᠢ᠂ ᠤᠰᠤᠯᠠᠯᠲᠠ ᠶᠢᠨ ᠣᠷᠣᠨ᠂ ᠦᠶᠡᠷ ᠢ ᠲᠣᠭᠲᠠᠭᠠᠨ ᠬᠤᠷᠢᠭᠯᠠᠬᠤ ᠣᠷᠣᠨ ᠤ ᠪᠥᠲᠥᠭᠡᠨ ᠪᠠᠶᠢᠭᠤᠯᠤᠯᠲᠠ ᠪᠠ ᠣᠳᠣᠬᠢᠴᠢᠯᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠳᠠᠢ᠃ ᠮᠡᠳᠡᠭᠡ ᠵᠠᠩᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠰᠠᠭᠤᠷᠢ ᠲᠥᠬᠦᠭᠡᠷᠦᠮᠵᠢ ᠪᠠᠨ ᠳᠡᠰ ᠳᠡᠪᠰᠢᠭᠦᠯᠬᠦ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠨᠢᠭᠡ ᠦᠶ᠎ᠡ ᠶᠢᠨ ᠭᠡᠳᠦ ᠪᠤᠳᠤᠯᠳᠠ᠂ ᠡᠭᠦᠯᠡᠨ ᠪᠤᠳᠤᠯᠳᠠ᠂ ᠵᠣᠬᠢᠶᠠᠮᠠᠯ ᠤᠶᠤᠨ ᠴᠢᠳᠠᠪᠤᠷᠢ ᠶᠢᠨ ᠲᠠᠪᠴᠠᠩ᠂ ᠥᠷᠭᠡᠨ ᠪᠦᠰᠡᠲᠦ ᠰᠠᠭᠤᠷᠢ ᠰᠦᠯᠵᠢᠶ᠎ᠠ ᠵᠡᠷᠭᠡ ᠲᠥᠬᠦᠭᠡᠷᠦᠮᠵᠢ ᠶᠢ ᠪᠠᠶᠢᠷᠢᠰᠢᠭᠤᠯᠤᠨ ᠪᠦᠳᠦᠭᠡᠨ ᠪᠠᠶᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠪᠠᠶᠢᠷᠢᠰᠢᠭᠤᠯᠤᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠢᠴᠢ ᠲᠥᠪᠯᠡᠷᠡᠭᠦᠯᠦᠨ ᠲᠠᠷᠬᠠᠭᠠᠵᠤ ᠵᠥᠭᠡᠭᠡᠪᠦᠷᠢᠯᠡᠬᠦ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ᠂ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠪᠣᠯᠤᠨ ᠪᠠᠷᠠᠭᠠᠨ ᠤ ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠢ ᠪᠠᠶᠢᠷᠢᠰᠢᠭᠤᠯᠤᠨ ᠪᠦᠳᠦᠭᠡᠨ ᠪᠠᠶᠢᠭᠤᠯᠬᠤ ᠬᠡᠷᠡᠭᠲᠡᠢ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠠᠮᠢᠳᠤᠷᠠᠯ ᠤᠨ ᠣᠷᠣᠨ ᠵᠠᠶ ᠶᠢ ᠴᠤᠭᠴᠠᠯᠠᠵᠤ᠂ ᠬᠤᠲᠠ ᠶᠢᠨ ᠪᠦᠯᠦᠭᠵᠢᠯ ᠤᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠳᠥᠭᠦᠮ ᠲᠦᠷᠬᠡᠨ ᠥᠨᠳᠥᠷ ᠪᠦᠲᠦᠮᠵᠢᠲᠡᠶ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ ᠲᠤᠤᠷ ᠢ ᠪᠥᠲᠥᠭᠡᠨ ᠪᠠᠶᠢᠭᠤᠯᠵᠤ᠂ ᠬᠤᠲᠠ ᠶᠢᠨ ᠲᠣᠭᠤᠷᠢᠭ ︵ᠲᠡᠭᠦᠷᠭᠡ︶ ᠤᠨ ᠲᠡᠮᠦᠷ ᠵᠠᠮ ᠪᠣᠯᠤᠨ ᠬᠤᠲᠠ ᠶᠢᠨ ᠵᠢᠮᠳᠤ ᠵᠠᠮ ᠬᠠᠷᠢᠯᠴᠠᠭ᠎ᠠ ᠶᠢ ᠬᠥᠭᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ ᠭᠠᠵᠠᠷ ᠳᠤᠤᠷᠠᠬᠢ ᠶᠡᠷᠦᠩᠬᠡᠶᠢᠯᠡᠭᠰᠡᠨ ᠬᠤᠭᠤᠯᠠᠶ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠭᠠᠳᠠᠭᠰᠢᠯᠠᠭᠤᠯᠬᠤ᠂ ᠪᠣᠬᠢᠷ ᠤᠰᠤ ᠪᠣᠯᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠡᠭᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠶᠤᠨᠲᠤ ᠵᠠᠮ᠂ ᠤᠶᠤᠨᠲᠤ ᠴᠠᠬᠢᠯᠭᠠᠨ ᠡᠭᠦᠰᠭᠡᠭᠴᠢ᠂ ᠤᠶᠤᠨᠲᠤ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠤᠶᠤᠨᠴᠢ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠠᠢ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠦᠳᠦᠭᠡᠨ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠤᠳᠠ ᠬᠥᠳᠡᠭᠡ ᠶᠢᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠬᠡᠪᠴᠢᠶᠡᠵᠢᠭᠦᠯᠦᠭᠰᠡᠨ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠦᠨ᠂ ᠬᠥᠳᠡᠭᠡ ᠲᠣᠰᠬᠤᠨ ᠤ ᠪᠣᠬᠢᠷ ᠤᠰᠤ ᠪᠠ ᠬᠤᠭ ᠨᠣᠪᠰᠢ ᠶᠢ ᠴᠤᠭᠯᠠᠭᠤᠯᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠣᠳᠣᠬᠢᠴᠢᠯᠠᠯᠲᠠ ᠪᠠᠷ ᠬᠦᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠴᠢᠨ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠬᠦᠷᠢᠶ᠎ᠡ ᠂ ᠡᠯ᠎ᠡ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠪᠣᠯᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠠᠵᠠᠷ ᠰᠢᠷᠦᠢ ᠶᠢ ᠬᠡᠷᠡᠭᠯᠡᠬᠦ᠂ ᠲᠠᠯᠠᠢ ᠲᠠᠩᠬᠢᠰ ᠢ ᠬᠡᠷᠡᠭᠯᠡᠬᠦ᠂ ᠡᠨᠧᠷᠭᠢ ᠶᠢ ᠬᠡᠷᠡᠭᠯᠡᠬᠦ ᠵᠡᠷᠭᠡ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠬᠤᠷᠠᠮᠳᠤᠭᠤᠯᠬᠤ ᠬᠡᠷᠡᠭᠴᠡᠭᠡ ᠳᠤ ᠵᠣᠬᠢᠴᠠᠭᠤᠯᠤᠨ᠂ ᠤᠷᠳᠤ ᠬᠤᠭᠤᠴᠠᠭᠠᠨ ᠤ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠭᠡᠵᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠤᠯᠤᠰ ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ ᠨᠡᠩ ᠰᠠᠶᠢᠲᠤᠷ ᠲᠥᠪᠯᠡᠷᠡᠭᠦᠯᠦᠨ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠳ᠋ ᠬᠦᠷᠦᠩᠭᠡ ᠶᠢᠨ ᠬᠠᠮᠲᠤᠷᠠᠯᠴᠠᠭᠠᠨ ᠤ ᠵᠠᠭᠪᠤᠷ ᠤᠨ ᠵᠢᠷᠤᠮᠵᠢᠭᠰᠠᠨ ᠬᠥᠭᠵᠢᠯᠲᠡ᠂ ᠢᠯᠠ ᠪᠠᠷ ᠬᠡᠷᠡᠭᠵᠢᠬᠦᠯᠬᠦ ᠶᠢ ᠠᠬᠢᠭᠤᠯᠵᠤ᠂ ᠨᠡᠶᠢᠭᠡᠮ ᠤᠨ ᠡᠳ᠋ ᠬᠦᠷᠦᠩᠭᠡ ᠶᠢᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠳᠤ ᠣᠷᠣᠯᠴᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠤᠨᠳᠠᠭ ᠶᠡᠭᠡ ᠬᠡᠪᠴᠢᠶ᠎ᠡ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠢ ᠪᠣᠯᠭᠠᠵᠤ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠦᠯᠡᠮᠵᠢ ᠤᠯᠠᠨ ᠰᠢᠯᠭᠠᠷᠠᠭᠰᠠᠨ ᠢᠨᠵᠧᠨᠧᠷ ᠢ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠨᠢᠭᠡ ᠪᠦᠯᠦᠭ ᠦᠨᠳᠦᠰᠦᠨ ᠪᠠ ᠠᠯᠤᠰ ᠢᠷᠡᠭᠡᠳᠦᠢ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠵᠤ᠂ ᠪᠠᠶᠢᠯᠳᠤᠬᠤ ᠪᠤᠳᠤᠯᠭ᠎ᠠ ᠶᠢᠨ ᠬᠦᠳᠦᠯᠦᠨ ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠪᠠ᠃ ᠠᠵᠤ ᠠᠬᠤᠢ ᠶᠢᠨ ᠠᠵᠢᠯ ᠳᠠᠬᠢ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠶᠢ ᠴᠢᠩᠭᠠᠳᠬᠠᠬᠤ ᠳᠤ᠂ ᠤᠯᠤᠰ ᠲᠦᠷᠦ ᠪᠠᠷ ᠬᠦᠲᠦᠯᠦᠨ ᠳᠠᠭᠠᠭᠤᠯᠬᠤ᠂ ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠨᠢ ᠳᠠᠭᠠᠯᠳᠤᠨ ᠰᠢᠢᠳᠪᠦᠷᠢᠯᠡᠭᠳᠡᠬᠦ ᠶᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢ ᠴᠢᠬᠤᠯᠠᠴᠢᠯᠠᠵᠤ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ ᠤᠨᠤᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠬᠤᠯᠠ ᠤᠢᠢᠷ᠎ᠠ ᠶᠢ ᠤᠶᠠᠯᠳᠤᠭᠤᠯᠬᠤ᠂ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠦ᠂ ᠬᠤᠷᠢᠭ᠎ᠠ ᠱᠤᠭᠤᠮ ᠤᠨ ᠰᠡᠳᠭᠢᠬᠦᠶ ᠶᠢ ᠪᠠᠲᠤ ᠪᠣᠶ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠦᠨᠡᠨ ᠬᠦ ᠲᠤᠰᠠᠳᠠᠢ ᠠᠷᠭᠠᠴᠠᠭᠠᠬᠤ ᠲᠥᠰᠦᠯ ᠵᠢᠴᠢ ᠪᠣᠳᠠᠲᠠᠶ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠣᠨᠣᠪᠴᠢᠲᠠᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠦᠨᠡᠯᠡᠨ ᠵᠢᠱᠢᠵᠦ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠶᠡᠷᠦᠩᠬᠡᠶᠢᠯᠡᠨ ᠲᠡᠩᠴᠡᠭᠦᠷᠢᠰᠢᠭᠦᠯᠬᠦ ᠠᠵᠢᠯ ᠢ ᠰᠠᠶᠢᠲᠤᠷ ᠬᠢᠵᠦ᠂ ᠠᠰᠠᠭᠤᠳᠠᠯ ᠪᠠᠶᠢᠪᠠᠯ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠦᠷ᠎ᠡ ᠪᠦᠳᠦᠮᠵᠢᠳᠤ ᠴᠢᠨᠠᠷ ᠢ ᠴᠢᠩᠭᠠᠳᠬᠠᠵᠤ᠂ ᠦᠢᠯᠡᠳᠦᠯᠭᠡ ᠶᠢᠨ ᠦᠷ᠎ᠡ ᠳ᠋ᠦᠩ ᠢᠶᠠᠷ ᠡᠯ᠎ᠡ ᠲᠠᠯ᠎ᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠵᠢᠱᠢᠯᠲᠡ ᠶᠢ ᠰᠠᠶᠢᠲᠤᠷ ᠬᠦᠳᠦᠯᠦᠨ ᠵᠢᠯᠣᠭᠤᠳᠴᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠵᠠᠷᠴᠢᠮ ᠢ ᠲᠣᠳᠣᠷᠬᠠᠢ ᠶᠠᠷᠢᠵᠤ᠂ ᠵᠠᠬ᠎ᠠ ᠳᠡᠯᠭᠡᠭᠦᠷ ᠤᠨ ᠢᠲᠡᠭᠡᠯ ᠢ ᠲᠣᠭᠲᠠᠪᠤᠷᠢᠵᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号