ᠤᠯᠤᠰ ᠲᠥᠷᠥ ᠶᠢ ᠡᠷᠬᠢᠮᠯᠡᠵᠦ ᠰᠤᠷᠲᠠᠯ ᠢ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ ᠲᠡᠷᠢᠭᠦᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠲᠠᠪᠤᠨ ᠶᠡᠭᠡ ᠠᠴᠢᠶᠠᠯᠠᠪᠤᠷᠢ ᠳᠤ ᠲᠦᠰᠢᠭᠯᠡᠨ ᠪᠠᠶᠢᠭᠤᠯᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ
ᠨᠡᠶᠢᠲᠡᠯᠡᠭᠰᠡᠨ ᠴᠠᠭ᠄
2022/4/7
     ᠰᠡᠳᠬᠢᠴᠡ ᠶᠢᠨ ᠰᠢᠨ᠎ᠡ ᠶᠢ ᠡᠭᠦᠳᠬᠦ᠂ ᠠᠷᠭ᠎ᠠ ᠬᠡᠮᠵᠢᠶ᠎ᠡ ᠶᠢ ᠴᠢᠩᠭᠠᠳᠬᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠠᠵᠢᠯ ᠤᠨ ᠵᠠᠷᠴᠢᠮ ᠶᠣᠰᠣᠭᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠦᠵᠡᠯ ᠰᠠᠨᠠᠭ᠎ᠠ ᠶᠢ ᠠᠳᠬᠤᠬᠤ᠂ ᠰᠠᠬᠢᠯᠭ᠎ᠠ ᠪᠠᠲᠤ ᠶᠢ ᠠᠳᠬᠤᠬᠤ᠂ ᠲᠦᠷᠢᠮ ᠢ ᠠᠳᠬᠤᠬᠤ᠂ ᠰᠤᠷᠤᠯᠴᠠᠯᠭ᠎ᠠ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠲᠠᠪᠤᠨ ᠶᠡᠭᠡ ᠠᠴᠢᠶᠠᠯᠠᠪᠤᠷᠢ ᠳᠤ ᠲᠦᠰᠢᠭᠯᠡᠨ᠂ ᠪᠠᠶᠢᠭᠤᠯᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠺᠠᠳ᠋ᠷᠴᠤᠳ ᠤᠨ ᠰᠤᠷᠲᠠᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨ ᠬᠦ  ᠰᠢᠢᠳᠪᠦᠷᠢᠯᠡᠵᠦ᠂ ᠬᠤᠷᠢᠶᠠᠨ ᠤ ᠳᠣᠲᠣᠭᠠᠳᠤ ᠶᠢᠨ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠳᠥᠯᠭᠢᠨ ᠠᠬᠢᠭᠤᠯᠵᠤ᠂ ᠪᠥᠬᠦ ᠵᠢᠯ ᠤᠨ ᠠᠵᠢᠯ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃      ᠦᠵᠡᠯ ᠰᠠᠨᠠᠭ᠎ᠠ ᠶᠢ ᠠᠳᠬᠤᠵᠤ᠂ ᠭᠡᠰᠢᠭᠦᠳ ᠤᠨ ᠬᠤᠷᠠᠯ ᠤᠨ ᠳᠣᠲᠣᠭᠠᠳᠤ ᠳᠤ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠠᠷᠢᠮᠵᠢᠶ᠎ᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠮᠠᠨ ᠤ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠰᠠᠭᠤᠵᠤ ᠲᠣᠭᠲᠠᠬᠤ ᠥᠬᠡᠶ ᠪᠠᠴᠢᠮ ᠲᠤᠯᠭᠠᠮ᠎ᠠ ᠰᠡᠳᠬᠢᠯᠭᠡ᠂ ᠤᠳᠠᠭᠠᠨ ᠪᠠᠶᠢᠵᠤ ᠪᠣᠯᠤᠰᠢ ᠥᠬᠡᠶ ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠶᠢᠯᠬᠦ ᠥᠬᠡᠶ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠬᠢᠵᠦ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠨ᠂ ᠲᠡᠷᠢᠭᠦᠨ ᠤ ᠬᠢ ᠶᠢ ᠴᠢᠷᠮᠠᠶᠢᠨ ᠡᠭᠦᠳᠴᠦ᠂ ᠴᠠᠭ ᠪᠢᠳᠡᠨ ᠢ ᠬᠦᠯᠢᠶᠡᠬᠦ ᠥᠬᠡᠶ᠂ ᠥᠷᠯᠥᠭᠡ ᠦᠳᠡᠰᠢ ᠶᠢ ᠲᠡᠮᠡᠴᠡᠬᠦ ᠣᠶᠤᠨ ᠰᠠᠨᠠᠭᠠᠨ ᠤ ᠪᠠᠶᠢᠳᠠᠯ ᠢᠶᠠᠷ ᠡᠯ᠎ᠡ  ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠵᠤ ᠨᠠᠷᠢᠨ ᠨᠢᠮᠪᠠᠶ ᠠᠳᠬᠤᠬᠤ ᠬᠡᠷᠡᠭᠲᠡᠶ᠃ᠰᠠᠬᠢᠯᠭ᠎ᠠ ᠪᠠᠲᠤ ᠶᠢ ᠠᠳᠬᠤᠵᠤ᠂ ᠨᠠᠮ ᠤᠨ ᠭᠡᠰᠢᠭᠦᠨ ᠪᠠ ᠺᠠᠳ᠋ᠷ ᠠᠵᠢᠯᠳᠠᠨ ᠠᠵᠢᠯᠴᠢᠨ ᠤ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠦᠨᠡᠨ ᠬᠦ ᠴᠢᠩᠭᠠᠳᠬᠠᠬᠤ ᠬᠡᠷᠡᠭᠲᠡᠶ᠃ ᠡᠯ᠎ᠡ ᠵᠦᠢᠯ ᠤᠨ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠥᠮᠦᠵᠢᠯ ᠢ ᠴᠢᠩᠭᠠᠳᠬᠠᠵᠤ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠰᠤᠷᠲᠠᠯ ᠴᠢᠬᠡᠴᠢ ᠣᠪᠣᠷ ᠲᠥᠪ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠶᠢ ᠰᠠᠬᠢᠬᠤ ᠦᠢᠯᠡᠴᠢᠯᠡᠭᠡᠨ ᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠤᠨ᠎ᠠ᠃      ᠰᠤᠷᠤᠯᠴᠠᠯᠭ᠎ᠠ ᠶᠢ ᠠᠳᠬᠤᠵᠤ᠂ ᠪᠠᠶᠢᠭᠤᠯᠭ᠎ᠠ ᠶᠢᠨ ᠠᠵᠢᠯᠳᠠᠨ ᠠᠵᠢᠯᠴᠢᠨ ᠤ ᠠᠵᠢᠯ ᠬᠢᠵᠦ ᠠᠳᠠᠯ ᠦᠢᠯᠡᠰ ᠪᠦᠲᠦᠭᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠤᠯᠴᠠᠬᠤ ᠲᠥᠯᠥᠪᠯᠡᠭᠡ ᠶᠢ ᠨᠠᠷᠢᠨ ᠨᠢᠮᠪᠠᠶ ᠲᠣᠭᠲᠠᠭᠠᠵᠤ᠂ ᠠᠵᠢᠯ ᠳᠤ ᠬᠠᠪᠰᠤᠷᠤᠮᠵᠢ ᠪᠣᠯᠬᠤ ᠨᠣᠮ ᠪᠢᠴᠢᠭ ᠪᠠ ᠮᠠᠲ᠋ᠧᠷᠢᠶᠠᠯ ᠢ ᠰᠣᠩᠭᠤᠨ ᠨᠠᠶᠢᠷᠠᠭᠤᠯᠵᠤ ᠂ ᠬᠠᠮᠲᠤ ᠪᠠᠷ ᠰᠤᠷᠤᠯᠴᠠᠬᠤ ᠪᠠ ᠬᠤᠪᠢ ᠬᠥᠮᠦᠨ ᠤ ᠥᠪᠡᠰᠦᠪᠡᠨ ᠰᠤᠷᠤᠯᠴᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠭᠤᠯᠭ᠎ᠠ ᠶᠢᠨ ᠳᠣᠲᠣᠭᠠᠳᠤ ᠳᠤ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠬᠤᠪᠢ ᠬᠥᠮᠦᠨ ᠤ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠳᠠᠮᠵᠢᠭᠤᠯᠤᠨ ᠡᠯ᠎ᠡ  ᠵᠦᠢᠯ  ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠃      ᠲᠦᠷᠢᠮ ᠢ ᠠᠳᠬᠤᠵᠤ᠂ ᠪᠠᠶᠢᠭᠤᠯᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠪᠠᠶᠢᠭᠤᠯᠭ᠎ᠠ ᠶᠢᠨ ᠠᠵᠢᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠶᠢᠨ ᠬᠠᠮᠲᠤ ᠡᠮᠬᠢᠳᠬᠡᠨ ᠳᠡᠪᠲᠡᠷᠯᠡᠵᠦ ᠺᠠᠳ᠋ᠷ ᠠᠵᠢᠯᠳᠠᠨ ᠠᠵᠢᠯᠴᠢᠨ ᠨᠢᠭᠡᠪᠦᠷᠢ ᠳᠤ ᠲᠠᠷᠬᠠᠭᠠᠨ ᠥᠭᠴᠦ᠂ ᠲᠦᠷᠢᠮ ᠢᠶᠠᠷ ᠬᠥᠮᠦᠨ ᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠦᠢᠯᠡ ᠠᠵᠢᠯᠯᠠᠭ᠎ᠠ ᠶᠢ ᠬᠠᠮᠢᠶᠠᠷᠬᠤ ᠶᠢ ᠴᠢᠷᠮᠠᠶᠢᠨ ᠪᠡᠶᠡᠯᠡᠭᠦᠯᠵᠦ᠂ ᠪᠠᠶᠢᠭᠤᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠤᠷᠳᠤ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠪᠡᠶᠡᠯᠡᠭᠦᠯᠬᠦ ᠬᠡᠷᠡᠭᠲᠡᠶ᠃      ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠢᠯ ᠤᠨ ︽ᠦᠷ᠎ᠡ ᠪᠦᠲᠦᠭᠡᠯ ᠲᠠᠢ︾᠂ ︽ᠪᠣᠳᠠᠲᠤ ᠦᠷ᠎ᠡ ᠪᠦᠲᠦᠮᠵᠢ ᠲᠠᠢ ᠪᠣᠯᠬᠤ︾ ᠶᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠲᠥᠷᠥᠯ ᠵᠦᠢᠯ ᠤᠨ ᠬᠡᠯᠲᠡᠰ᠂ ᠱᠲ᠋ᠠᠪ ᠤᠨ ᠬᠡᠯᠲᠡᠰ᠂ ᠵᠣᠬᠢᠴᠠᠭᠤᠯᠬᠤ ᠬᠡᠯᠲᠡᠰ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠪᠣᠯᠤᠨ ᠬᠦᠴᠢᠷ ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠠᠵᠢᠯ ᠤᠨ ᠰᠡᠳᠬᠢᠮᠵᠢ ᠪᠠᠨ ᠰᠢᠨ᠎ᠡ ᠪᠠᠷ ᠡᠭᠦᠳᠴᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠦᠭᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠴᠢᠬᠤᠯᠠ ᠶᠡᠭᠡ ᠲᠦᠷᠦᠯ ᠵᠦᠢᠯ᠂ ᠪᠠᠯᠠ ᠣᠷᠣᠭᠤᠯᠤᠯᠲᠠ ᠶᠢ ᠲᠡᠮᠡᠴᠡᠨ ᠤᠯᠬᠤ᠂ ᠠᠷᠢᠭᠤᠨ ᠴᠡᠪᠡᠷ ᠡᠨᠧᠷᠭᠢ ᠶᠢᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠦᠨᠡᠨᠬᠦ ᠶᠠᠪᠤᠭᠳᠠᠭᠤᠰᠢᠲᠠᠶ ᠠᠵᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠶᠢᠨ ᠬᠠᠮᠲᠤ᠂ ᠬᠢᠨᠠᠨ ᠰᠢᠯᠭᠠᠬᠤ᠂ ᠮᠥᠷᠳᠡᠨ ᠠᠬᠢᠭᠤᠯᠬᠤ ᠶᠢ ᠴᠢᠩᠭᠠᠳᠬᠠᠵᠤ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠠᠬᠢᠭᠤᠯᠬᠤ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号