ᠪᠣᠯᠪᠠᠰᠤᠨ ᠪᠤᠰᠤ ᠦᠢᠯᠡ ᠠᠵᠢᠯᠯᠠᠭ᠎ᠠ ᠳᠤ ︽ᠪᠤᠯᠬᠤ ᠦᠭᠡᠢ︾ ᠬᠡᠵᠦ ᠬᠡᠯᠡᠶ᠎ᠡ
ᠨᠡᠶᠢᠲᠡᠯᠡᠭᠰᠡᠨ ᠴᠠᠭ᠄
2022/5/11
     ᠬᠤᠳᠠ   ᠶᠢᠨ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠡᠭᠡᠯᠢ ᠭᠤᠳᠤᠮᠵᠢ ᠶᠢᠨ ᠠᠷᠢᠭᠤᠨ ᠴᠡᠪᠡᠷ ᠪᠤᠯ ᠬᠤᠳᠠ ᠶᠢᠨ ᠲᠦᠷᠢ ᠲᠦᠷᠬᠦ ᠶᠢᠨ ᠴᠤᠩᠬᠤᠪᠴᠢ᠂ ᠪᠤᠯᠪᠠᠰᠤᠨ ᠬᠤᠳᠠ ᠶᠢᠨ ᠴᠢᠬᠤᠯᠠ ᠪᠡᠯᠭᠡ ᠲᠡᠮᠳᠡᠭ ᠪᠤᠯᠤᠨ᠎ᠠ᠃ ᠪᠤᠯᠪᠠᠰᠤᠨ ᠬᠤᠳᠠ   ᠶᠢ ᠪᠦᠳᠦᠭᠡᠨ ᠪᠠᠶᠢᠭᠤᠯᠬᠤ ᠠᠵᠢᠯ ᠳᠤ ᠬᠦᠴᠦ ᠨᠡᠮᠡᠷᠢᠯᠡᠵᠦ᠂ ᠤᠬᠠᠮᠰᠠᠷ ᠠᠴᠠ  ᠪᠠᠨ ᠵᠠᠮ ᠬᠠᠷᠢᠯᠴᠠᠭᠠᠨ ᠤ ᠲᠦᠷᠢᠮ ᠲᠤᠭᠳᠠᠭᠠᠯ ᠢ ᠰᠠᠬᠢᠵᠦ᠂ ᠰᠠᠭᠤᠭᠠᠯᠢ ᠲᠤᠭᠤᠷᠢᠭ ᠤᠨ ᠣᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠪᠤᠯ ᠬᠤᠳᠠ ᠶᠢᠨ ᠠᠷᠠᠳ ᠪᠦᠬᠦᠨ ᠤ ᠬᠠᠷᠢᠭᠤᠴᠠᠯᠭ᠎ᠠ ᠮᠦᠨ᠃
     ᠮᠠᠨ ᠤ ᠬᠤᠰᠢᠭᠤᠨ ᠤ  ᠪᠠᠳᠤᠬᠠᠭᠠᠯᠭ᠎ᠠ ᠪᠠᠯᠭᠠᠰᠤᠨ ᠤ ᠵᠠᠷᠢᠮ ᠠᠷᠠᠳ ᠢᠷᠭᠡᠳ ᠭᠡᠷ ᠤᠨ ᠬᠤᠭ ᠨᠤᠪᠰᠢ  ᠪᠠᠨ ᠲᠤᠷ᠎ᠠ ᠪᠠᠷ ᠬᠠᠶᠠᠬᠤ᠂ ᠵᠠᠮ ᠤᠨ ᠬᠠᠵᠠᠭᠤ ᠪᠠᠷ ᠲᠡᠷᠭᠡ ᠮᠠᠰᠢᠨ ᠢᠶᠠᠨ ᠲᠤᠷ᠎ᠠ ᠪᠠᠷ ᠵᠤᠭᠰᠤᠭᠠᠬᠤ᠂ ᠵᠠᠮ ᠬᠠᠷᠢᠯᠴᠠᠭᠠᠨ ᠤ ᠲᠤᠬᠢᠶᠠᠨ ᠳ᠋ᠧᠩ ᠢ ᠵᠤᠷᠢᠭᠤᠳᠠ ᠵᠦᠷᠢᠴᠡᠬᠦ ᠵᠡᠷᠭᠡ ᠪᠤᠯᠪᠠᠰᠤᠨ ᠪᠤᠰᠤ ᠦᠢᠯᠡ ᠠᠵᠢᠯᠯᠠᠭ᠎ᠠ ᠪᠠᠶᠢᠨ ᠲᠠᠬᠢᠨ ᠢᠯᠡᠷᠡᠵᠦ᠂ ᠣᠷᠴᠢᠨ ᠲᠤᠭᠤᠷᠢᠨ ᠤ ᠠᠷᠢᠭᠤᠨ ᠴᠡᠪᠡᠷ᠂ ᠵᠠᠮ ᠬᠠᠷᠢᠯᠴᠠᠭᠠᠨ ᠤ ᠠᠮᠤᠷ ᠲᠦᠪᠰᠢᠨ ᠳᠤ  ᠠᠷᠬᠠᠭ ᠭᠡᠮ ᠠᠪᠴᠢᠷᠠᠵᠦ ᠪᠠᠶᠢᠨ᠎ᠠ᠃
     ᠬᠤᠳᠠ ᠶᠢᠨ ᠠᠷᠠᠳ ᠪᠦᠬᠦᠨ ᠡᠷᠬᠡᠪᠰᠢ ᠡᠳᠡᠭᠡᠷ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠡᠷᠡᠰ ᠲᠠᠪᠴᠢᠵᠦ᠂ ᠪᠤᠯᠪᠠᠰᠤᠨ ᠲᠦᠷᠢ ᠶᠢ ᠡᠭᠦᠳᠦᠨ᠂ ᠪᠤᠯᠪᠠᠰᠤᠨ ᠬᠤᠳᠠ ᠶᠢᠨ ᠬᠡᠪ ᠨᠠᠮᠪᠠ ᠪᠠᠨ ᠪᠠᠳᠠᠷᠠᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠪᠤᠯᠪᠠᠰᠤᠨ ᠶᠤᠰᠤ ᠰᠤᠷᠳᠠᠬᠤᠨ ᠲᠠᠢ ᠢᠷᠭᠡᠨ ᠪᠤᠯᠬᠤ ᠪᠠᠷ ᠴᠢᠷᠮᠠᠶᠢᠵᠠᠭᠠᠶ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号