ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠣᠳᠠᠭᠠᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2022/5/12
     5 ᠰᠠᠷ᠎ᠠ ᠶᠢᠨ11 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠣᠳᠠᠭᠠᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠡᠮᠦᠨᠡᠬᠢ ᠠᠭᠤᠳᠠᠮ ᠲᠠᠯᠠᠪᠠᠢ ᠳᠤ ᠶᠠᠪᠤᠭᠳᠠᠪᠠ᠃ ᠶᠤᠰᠤᠯᠠᠯ ᠳᠤ ᠬᠤᠰᠢᠭᠤᠨ ᠤ ᠤᠳᠤᠷᠢᠳᠤᠯᠭ᠎ᠠ ᠵᠠᠩ ᠪᠠᠭᠠᠨ᠎ᠠ᠂ ᠵᠠᠩ ᠰᠢᠦᠢ᠂ ᠯᠢᠦ ᠶᠧ ᠵᠢᠴᠢ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠪᠠ ᠰᠤᠮᠤ ᠰᠢᠶᠠᠩ ᠪᠠᠯᠭᠠᠰᠤᠨ ᠤ ᠬᠠᠮᠢᠶ᠎ᠠ ᠪᠦᠬᠦᠢ ᠺᠠᠳ᠋ᠷ ᠠᠵᠢᠯᠳᠠᠳ᠂ ᠬᠤᠰᠢᠭᠤᠨ ᠤ ᠬᠡᠰᠡᠭ ᠭᠠᠷ ᠤᠷᠠᠯᠢᠭᠴᠢᠳ ᠤᠷᠤᠯᠴᠠᠵᠦ᠂ ᠬᠤᠰᠢᠭᠤ ᠲᠡᠳ᠋ ᠲᠡᠷᠪᠭ᠎ᠠ ᠵᠠᠩ ᠪᠠᠭᠠᠨ᠎ᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠤᠳᠠᠭᠠᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠵᠢᠩᠭᠢᠨᠢ ᠪᠠᠷ ᠡᠬᠢᠯᠡᠭᠰᠡᠨ ᠢ ᠵᠠᠷᠯᠠᠪᠠ᠃
     ᠡᠬᠢᠯᠡᠯᠳᠡ ᠶᠢᠨ ᠶᠤᠰᠤᠯᠠᠯ ᠤᠨ ᠲᠠᠷᠠᠭ᠎ᠠ ᠬᠠᠮᠳᠦ ᠪᠠᠷ ᠢᠶᠠᠨ ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠭᠢᠮ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠣᠳᠠᠭᠠᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ︾ ᠲᠤᠰᠬᠠᠢ ᠲᠤᠭᠯᠠᠯᠳᠠ ᠶᠢ ᠰᠤᠨᠢᠷᠬᠠᠵᠦ᠂ ᠪᠠᠰᠠ᠂ ︽ᠦᠯᠡᠮᠵᠢ ᠶᠢᠨ ᠲᠠᠷᠬᠠᠨ ᠮᠤᠤᠮᠢᠩᠭᠠᠨ︾ ᠦᠨᠳᠦᠰᠦᠳᠡᠨ ᠤ ᠬᠤᠪᠴᠠᠰᠦ ᠵᠠᠰᠠᠯ ᠤᠨ ᠦᠢᠯᠡᠳᠪᠦᠷᠢ ᠲᠤ ᠬᠦᠷᠴᠦ ᠮᠠᠨ   ᠤ ᠬᠤᠰᠢᠭᠤᠨ ᠤ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ︾ ᠭᠤᠤᠯ ᠰᠡᠳᠦᠪᠳᠦ ᠰᠤᠶᠤᠯ ᠤᠨ ᠪᠦᠳᠦᠭᠡᠭᠳᠡᠭᠦᠨ ᠤ ᠲᠡᠯᠭᠡᠨ ᠦᠵᠡᠭᠦᠯᠦᠯᠭᠡ ᠶᠢ ᠰᠤᠨᠢᠷᠬᠠᠨ᠂ ᠲᠦᠷᠦᠯ ᠵᠦᠢᠯ ᠤᠯᠠᠨ ᠪᠦᠭᠡᠳ ᠤᠷᠠᠨ ᠨᠠᠷᠢᠯᠢᠭ ᠬᠢᠴᠠ ᠲᠠᠢ ᠭᠠᠷ ᠤᠷᠠᠯᠠᠯ ᠤᠨ ᠪᠦᠳᠦᠭᠡᠯ ᠳᠤ ᠦᠪᠡᠷ ᠦᠪᠡᠷ ᠤᠨ ᠲᠤᠭᠤᠵᠦ ᠪᠠᠭ᠋ᠠᠷᠬᠠᠭᠰᠠᠨ ᠤᠨᠤᠭ᠎ᠠ ᠪᠠᠨ ᠦᠭᠭᠦᠭᠰᠡᠨ ᠪᠠᠶᠢᠨ᠎ᠠ᠃      ᠲᠤᠰ ᠤᠳᠠᠭᠠᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠨᠢ ᠡᠯ᠎ᠡ ᠦᠨᠳᠦᠰᠦᠳᠡᠨ ᠤ ᠣᠯᠠᠨ ᠲᠦᠮᠡᠨ ᠳᠤ ᠲᠦᠷᠦ ᠶᠢᠨ ᠪᠤᠳᠤᠯᠭ᠎ᠠ ᠪᠠ ᠬᠠᠥᠯᠢ ᠴᠠᠭᠠᠵᠠ ᠬᠠᠥᠯᠢ ᠲᠤᠭᠳᠠᠭᠠᠯ ᠤᠨ ᠮᠡᠳᠡᠯᠭᠡ ᠶᠢ ᠤᠬᠠᠭᠤᠯᠵᠦ᠂  ᠦᠨᠳᠦᠰᠦᠳᠡᠨ ᠨᠦᠬᠦᠳ ᠤᠨ ᠪᠦᠯᠬᠦᠮᠳᠡᠯ᠂ ᠰᠤᠶᠤᠯ ᠤᠨ ᠰᠤᠯᠢᠯᠴᠠᠭ᠎ᠠ ᠶᠠᠪᠤᠯᠴᠠᠭ᠎ᠠ ᠶᠢ ᠠᠬᠢᠭᠤᠯᠤᠨ᠂ ᠲᠤᠮᠳᠠᠳᠦ ᠶᠢᠨ ᠰᠤᠶᠤᠯ᠂ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠤᠳᠬᠠᠬᠤ ᠤᠶᠢᠯᠠᠭᠠᠯᠳᠠ ᠶᠢ ᠲᠡᠭᠡᠭᠰᠢᠯᠡᠭᠦᠯᠬᠦ ᠶᠢ ᠵᠤᠷᠢᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号