ᠰᠤᠪᠢᠯᠠᠭᠴᠢ ᠶᠢᠨ ᠪᠠᠶᠠᠷ ᠤᠨ ᠡᠳᠦᠷ
ᠨᠡᠶᠢᠲᠡᠯᠡᠭᠰᠡᠨ ᠴᠠᠭ᠄
2022/5/13
     ᠵᠢᠯ ᠪᠦᠷᠢ ᠶᠢᠨ5 ᠳ᠋ᠤᠭᠠᠷ ᠰᠠᠷ᠎ᠠ ᠶᠢᠨ12 ᠤ ᠡᠳᠦᠷ ᠪᠤᠯ ᠲᠡᠯᠡᠬᠡᠢ ᠶᠢᠨ ᠰᠤᠪᠢᠯᠠᠭᠴᠢ ᠶᠢᠨ ᠪᠠᠶᠠᠷ ᠤᠨ ᠡᠳᠦᠷ ᠪᠤᠯᠤᠨ᠎ᠠ᠃ ᠡᠷᠡᠭᠦᠯ ᠡᠩᠭᠡ ᠶᠢᠨ ᠡᠯᠴᠢ ᠭᠡᠵᠦ ᠨᠡᠶᠢᠳᠡ ᠤᠯᠠᠨ ᠳᠤ ᠪᠠᠨ ᠮᠡᠳᠡᠷᠡᠭᠳᠡᠭᠰᠡᠨ ᠰᠤᠪᠢᠯᠠᠭᠴᠢᠳ ᠮᠠᠨᠢ ᠠᠮᠢ ᠨᠠᠰᠤᠨ ᠤ ᠦᠨ᠎ᠡ ᠴᠠᠨ᠎ᠠ ᠶᠢ ᠬᠠᠮᠤᠭ ᠠᠴᠠ ᠢᠯᠡᠭᠦᠦ ᠮᠡᠳᠡᠷᠡᠳᠡᠭ ᠤᠨ ᠨᠢᠭᠡᠨ ᠪᠢᠯᠡ᠃ ᠤᠨᠴᠠᠭᠠᠶᠢᠯᠠᠨ ᠤᠶᠢᠷ᠎ᠠ  ᠬᠤᠶᠠᠷ ᠵᠢᠯ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠡᠯᠭᠡᠷᠡᠵᠦ ᠪᠦᠬᠦᠶᠢᠯᠡ ᠡᠮᠴᠢ ᠰᠤᠪᠢᠯᠠᠭᠴᠢᠳ ᠮᠠᠨᠢ ᠡᠪᠡᠳᠴᠢᠨ ᠬᠢᠵᠢᠭ ᠤᠨ ᠡᠮᠦᠨ᠎ᠡ ᠹᠷᠤᠨᠲ ᠲᠤ ᠠᠶᠢᠯ ᠭᠡᠷ ᠠᠮᠢ ᠨᠠᠰᠤ ᠪᠠᠨ ᠬᠠᠶᠢᠬᠤᠷᠤᠯ ᠦᠭᠡᠢ ᠭᠠᠪᠰᠢᠭᠠᠶᠢᠯᠠᠵᠦ ᠰᠤᠪᠢᠯᠠᠭᠴᠢ ᠶᠢᠨ ᠠᠵᠢᠯ ᠤᠨ ᠡᠷᠬᠢᠮ ᠲᠡᠭᠡᠳᠦ ᠴᠢᠨᠠᠷ ᠢ ᠬᠠᠷᠠᠭᠤᠯᠤᠭᠰᠠᠨ ᠪᠠᠶᠢᠳᠠᠭ᠃
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠴᠦ ᠡᠶᠢᠮᠦᠷᠬᠦᠦ ᠠᠵᠢᠯ ᠦᠢᠯᠡᠰ ᠢᠶᠠᠨ ᠲᠡᠭᠡᠳᠦᠯᠡᠭᠰᠡᠨ ᠰᠤᠪᠢᠯᠠᠭᠴᠢ ᠶᠢᠨ ᠡᠩᠨᠡᠭᠡ ᠪᠠᠶᠢᠳᠠᠭ᠃2022 ᠤᠨ ᠤ ᠴᠠᠭᠠᠨ ᠰᠠᠷ᠎ᠠ ᠶᠢᠨ ᠦᠶ᠎ᠡ  ᠪᠠᠷ ᠭᠡᠨᠡᠳᠳᠡ ᠪᠤᠯᠤᠭᠰᠠᠨ ᠬᠢᠵᠢᠭ ᠤᠨ ᠪᠠᠶᠢᠳᠠᠯ ᠤᠨ ᠡᠮᠦᠨ᠎ᠡ ᠡᠮᠨᠡᠯᠭᠡ ᠶᠢᠨ ᠬᠤᠷᠢᠶᠠᠨ ᠤ ᠪᠦᠬᠦ ᠰᠤᠪᠢᠯᠠᠭᠴᠢᠳ ᠮᠠᠨᠢ ᠶᠢᠰᠦ ᠶᠢᠨ ᠬᠦᠢᠳᠡᠨ ᠳᠤ ᠰᠦᠨᠢᠵᠢᠨ ᠪᠦᠭᠡᠮ ᠬᠦᠴᠢᠯ ᠤᠨ ᠪᠠᠶᠢᠴᠠᠭᠠᠯᠳᠠ ᠬᠢᠵᠦ ᠡᠮᠨᠡᠯᠭᠡ ᠶᠢᠨ ᠬᠤᠷᠢᠶ᠎ᠠ ᠪᠠᠷ ᠭᠡᠷ ᠢᠶᠠᠨ ᠪᠤᠯᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠬᠠᠳᠠᠭᠤᠵᠢᠯᠳᠠᠢ ᠡᠳᠦᠷ ᠬᠤᠨᠤᠭ ᠢ ᠦᠩᠭᠡᠷᠡᠭᠦᠯᠦᠭᠰᠡᠨ  ᠪᠢᠯᠡ᠃
     ᠡᠶᠢᠨᠬᠦ ᠲᠡᠯᠡᠬᠡᠢ ᠶᠢᠨ ᠰᠤᠪᠢᠯᠠᠭᠴᠢ ᠶᠢᠨ ᠪᠠᠶᠠᠷ ᠪᠤᠯᠵᠦ ᠪᠠᠶᠢᠭ᠎ᠠ ᠲᠠᠰᠢᠷᠡᠮ ᠢᠶᠠᠷ ᠬᠦᠮᠦᠨ ᠵᠤᠨ ᠤ ᠪᠠᠨ ᠡᠷᠡᠭᠦᠯ ᠡᠩᠭᠡ ᠶᠢᠨ ᠲᠦᠯᠦᠭᠡ ᠵᠢᠳᠬᠦᠵᠦ ᠶᠠᠪᠤᠭ᠎ᠠ ᠰᠤᠪᠢᠯᠠᠭᠴᠢ ᠨᠠᠷ ᠤᠨ ᠢᠶᠠᠨ ᠲᠦᠯᠦᠭᠡᠯᠡᠭᠴᠢ ᠶᠢᠨ ᠨᠢᠭᠡᠨ ᠪᠤᠯᠤᠭᠰᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠨᠡᠯᠭᠡ ᠶᠢᠨ ᠬᠤᠷᠢᠶᠠᠨ ᠤ ᠲᠦᠷᠭᠡᠨ  ᠠᠪᠤᠷᠠᠯᠳᠠ  ᠶᠢᠨ ᠰᠠᠯᠠᠭᠠᠨ ᠤ ᠰᠤᠪᠢᠯᠠᠭᠴᠢ ᠤᠳᠤᠩᠭᠤᠸ᠎ᠠ ᠶᠢᠨ ᠨᠢᠭᠡ ᠡᠳᠦᠷ ᠤᠨ ᠠᠵᠢᠯ ᠢ ᠲᠡᠮᠳᠡᠭᠯᠡᠭᠰᠡᠨ ᠤᠬᠤᠷ ᠪᠢᠴᠢᠯᠭᠡ ᠶᠢ ᠪᠡᠯᠡᠳᠭᠡᠵᠦ ᠪᠦᠬᠦ ᠰᠤᠪᠢᠯᠠᠭᠴᠢ ᠨᠠᠷ ᠲᠤ ᠪᠠᠨ ᠪᠠᠶᠠᠷ ᠤᠨ ᠡᠳᠦᠷ ᠤᠨ ᠮᠡᠨᠳᠦ ᠬᠦᠷᠭᠡᠶ᠎ᠡ︕
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号