ᠲᠠᠷᠬᠠᠨ ᠮᠤᠤᠮᠢᠩᠭᠠᠨ ᠬᠤᠯᠪᠤᠭᠠᠳᠢ ᠬᠤᠰᠢᠭᠤᠨ ᠤ ︽ᠡᠮᠡᠭᠳᠡᠶᠢᠴᠤᠳ ᠨᠠᠮ ᠢᠶᠠᠨ ᠲᠠᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠬᠤ︾ ᠨᠡᠶᠢᠳᠡᠯᠢᠭ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2022/5/16
     5 ᠰᠠᠷ᠎ᠠ ᠶᠢᠨ12   ᠤᠨ ᠤᠷᠤᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠡᠮᠡᠭᠳᠡᠶᠢᠴᠤᠳ ᠨᠠᠮ ᠢᠶᠠᠨ ᠲᠠᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠬᠤ︾ ᠨᠡᠶᠢᠳᠡᠯᠢᠭ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠬᠤ ᠶᠤᠸᠠᠨ ᠰᠢᠦᠢ᠂ ᠵᠠᠩ ᠪᠠᠭᠠᠨ᠎ᠠ᠂ ᠯᠢᠦ ᠷᠦᠢ ᠯᠦᠩ᠂ ᠵᠠᠩ ᡁᠢ ᠴᠢᠶᠠᠩ ᠤᠷᠢᠯᠭ᠎ᠠ  ᠪᠠᠷ ᠠᠵᠢᠯᠯᠠᠭ᠎ᠠ ᠳᠤ ᠤᠷᠤᠯᠴᠠᠨ᠂ ᠪᠦᠬᠦ ᠬᠤᠰᠢᠭᠤᠨ ᠤ ᠡᠮᠡᠭᠳᠡᠶᠢᠴᠤᠳ ᠤᠨ ᠲᠡᠷᠢᠬᠦᠨ ᠤ ᠬᠤᠪᠢ ᠬᠦᠮᠦᠨ ᠪᠤᠯᠤᠨ ᠲᠡᠷᠢᠭᠦᠨ ᠤ ᠬᠠᠮᠳᠦ ᠨᠡᠶᠢᠳᠡ ᠵᠢᠴᠢ ᠦᠨᠳᠦᠰᠦᠨ ᠱᠠᠳᠤᠨ ᠤ ᠡᠮᠦᠨ᠎ᠡ ᠹᠷᠤᠨᠲ ᠲᠤ ᠠᠵᠢᠯᠯᠠᠵᠦ ᠪᠠᠶᠢᠭ᠎ᠠ ᠡᠮᠡᠭᠳᠡᠢ ᠺᠠᠳ᠋ᠷ᠂ ᠡᠯ᠎ᠡ  ᠠᠵᠢᠯ ᠲᠦᠷᠦᠯ ᠤᠨ ᠡᠮᠡᠭᠳᠡᠢ ᠲᠦᠯᠦᠭᠡᠯᠡᠭᠴᠢᠳ ᠡᠭᠡᠯ ᠵᠢᠷ ᠤᠨ ᠠᠵᠢᠯ ᠤᠨ ᠪᠠᠶᠢᠷᠢ ᠲᠡᠭᠡᠷᠡᠬᠢ ᠶᠡᠷᠦ ᠪᠤᠰᠤ ᠶᠢᠨ ᠦᠯᠢᠭᠡᠷ ᠢ ᠬᠠᠮᠳᠦ ᠪᠠᠷ ᠰᠤᠨᠤᠰᠪᠠ᠃
     ᠠᠵᠢᠯᠯᠠᠭ᠎ᠠ ᠨᠢ ᠤᠷᠠᠨ ᠰᠠᠶᠢᠬᠠᠨ ᠤ ᠲᠤᠭᠯᠠᠯᠳᠠ ᠪᠤᠯᠤᠨ ᠨᠡᠶᠢᠳᠡᠯᠢᠭ ᠵᠢᠱᠢᠶᠡᠴᠢ ᠶᠢᠨ ᠶᠠᠷᠢᠶ᠎ᠠ ᠲᠠᠯᠪᠢᠵᠦ ᠤᠬᠠᠭᠤᠯᠤᠨ ᠲᠠᠶᠢᠯᠪᠤᠷᠢᠯᠠᠬᠤ ᠬᠡᠯᠪᠡᠷᠢ   ᠪᠠᠷ ᠶᠠᠪᠤᠭᠳᠠᠵᠦ᠂ ᠲᠤᠭᠯᠠᠯᠳᠠ ᠨᠢ ᠤᠯᠠᠨ ᠶᠠᠩᠵᠦ ᠶᠢᠨ ᠬᠡᠯᠪᠡᠷᠢ᠂ ᠤᠷᠠᠯᠢᠭ ᠤᠨ ᠨᠦᠯᠦᠭᠡᠯᠡᠬᠦ ᠬᠦᠴᠦᠨ ᠢᠶᠠᠷ ᠴᠢᠩᠭ᠎ᠠ ᠪᠠᠶᠢᠵᠦ᠂ ᠤᠯᠠᠨ ᠬᠠᠷᠠᠭᠠᠰᠦ ᠠᠴᠠ ᠲᠠᠷᠬᠠᠨ ᠮᠤᠤᠮᠢᠩᠭᠠᠨ ᠤ ᠡᠮᠡᠭᠳᠡᠶᠢᠴᠤᠳ ᠤᠨ ᠴᠤᠭ ᠵᠢᠪᠬᠤᠭ᠎ᠠ ᠪᠠ ᠲᠡᠮᠡᠴᠡᠯ ᠤᠨ ᠤᠯᠠ ᠮᠦᠷ ᠢ ᠲᠡᠯᠭᠡᠨ ᠦᠵᠡᠭᠦᠯᠵᠦ᠂ ᠲᠠᠷᠬᠠᠨ ᠮᠤᠤᠮᠢᠩᠭᠠᠨ ᠤ ᠡᠮᠡᠭᠳᠡᠶᠢᠴᠤᠳ ᠤᠨ ᠴᠤᠭ ᠵᠢᠪᠬᠤᠭ᠎ᠠ ᠪᠠ ᠲᠡᠮᠡᠴᠡᠯ ᠤᠨ ᠤᠯᠠ ᠮᠦᠷ ᠢ ᠲᠡᠯᠭᠡᠨ ᠦᠵᠡᠭᠦᠯᠵᠦ᠂ ᠲᠠᠷᠬᠠᠨ ᠮᠤᠤᠮᠢᠩᠭᠠᠨ ᠤ ᠡᠮᠡᠭᠳᠡᠶᠢᠴᠣᠳ ᠤᠨ ᠠᠵᠦ ᠠᠬᠤᠢ ᠨᠡᠶᠢᠭᠡᠮ ᠤᠨ ᠬᠦᠭᠵᠢᠯᠳᠡ ᠳᠤ ᠢᠳᠡᠪᠬᠢᠳᠡᠢ ᠤᠷᠤᠯᠴᠠᠵᠦ᠂ ᠬᠦᠴᠦ ᠬᠦᠯᠦᠰᠦ ᠪᠠ ᠤᠶᠤᠨ ᠤᠬᠠᠭᠠᠨ ᠢᠶᠠᠷ ᠢᠶᠠᠨ ᠰᠠᠶᠢᠨ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠬᠤ ᠠᠤᠭ᠎ᠠ ᠰᠡᠳᠬᠢᠯᠬᠡ ᠡᠷᠡᠯᠬᠡᠭ ᠵᠤᠷᠢᠭ ᠢ ᠢᠯᠡᠳᠭᠡᠵᠠᠢ᠃ ᠠᠳᠠᠯᠢ ᠪᠤᠰᠤ ᠠᠵᠢᠯ ᠤᠨ ᠪᠠᠶᠢᠷᠢ  ᠶᠢᠨ ᠨᠡᠶᠢᠳᠡᠯᠢᠭ ᠵᠢᠱᠢᠶᠡᠴᠢ ᠦᠪᠡᠷ ᠤᠨ ᠠᠵᠢᠯ ᠤᠨ ᠦᠩᠭᠡᠷᠡᠯᠳᠡ ᠲᠠᠢ ᠪᠠᠨ ᠤᠶᠠᠯᠳᠤᠭᠤᠯᠦᠨ᠂ ᠪᠤᠷᠤᠭᠵᠢᠭᠤᠨ ᠦᠭᠡ ᠶᠠᠷᠢᠶ᠎ᠠ᠂ ᠠᠮᠢᠳᠤᠯᠢᠭ ᠪᠤᠳᠠᠳᠦ ᠵᠢᠱᠢᠶ᠎ᠡ ᠪᠠᠷ ᠤᠭ ᠰᠠᠨᠠᠭ᠎ᠠ ᠪᠠᠨ ᠪᠠᠷᠢᠮᠳᠡᠯᠠᠵᠦ᠂ ᠡᠭᠦᠷᠭᠡ ᠬᠠᠷᠢᠭᠤᠴᠠᠯᠭ᠎ᠠ  ᠪᠠᠨ ᠡᠭᠦᠷᠭᠡᠯᠡᠭᠰᠡᠨ ᠰᠡᠳᠬᠢᠯ ᠬᠦᠳᠡᠯᠭᠡᠮ᠎ᠡ ᠦᠩᠭᠡᠷᠡᠯᠳᠡ ᠪᠠᠨ ᠶᠠᠷᠢᠵᠦ᠂ ᠤᠯᠠᠨ ᠤ ᠰᠡᠳᠬᠢᠯ ᠢ ᠬᠦᠳᠡᠯᠭᠡᠮ᠎ᠡ ᠦᠢᠯᠡ ᠶᠠᠪᠤᠳᠠᠯ ᠤᠳ ᠨᠢ ᠲᠠᠬᠠᠢ ᠶᠢᠨ ᠲᠠᠯᠠᠪᠠᠢ ᠶᠢᠨ ᠦᠵᠡᠭᠴᠢᠳ ᠢ ᠨᠦᠯᠦᠭᠡᠯᠡᠨ ᠵᠤᠷᠢᠭᠵᠢᠭᠤᠯᠤᠭᠰᠠᠨ ᠪᠠᠶᠢᠨ᠎ᠠ᠃
     ᠲᠤᠰ ᠣᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠲᠠᠮᠵᠢᠨ᠂ ᠡᠮᠡᠭᠳᠡᠶᠢᠴᠤᠳ ᠤᠨ ᠨᠡᠶᠢᠳᠡᠯᠢᠭ ᠵᠢᠱᠢᠶᠡᠴᠢ ᠶᠢᠨ ᠵᠢᠱᠢᠶ᠎ᠡ ᠦᠵᠡᠭᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠦ᠂ ᠪᠦᠬᠦ ᠬᠤᠰᠢᠭᠤᠨ ᠤ ᠦᠷᠭᠡᠨ ᠤᠯᠠᠨ ᠡᠮᠡᠭᠳᠡᠶᠢᠴᠣᠳ ᠠᠵᠢᠯ ᠤᠨ ᠪᠠᠶᠢᠷᠢ ᠲᠡᠭᠡᠷ᠎ᠡ ᠪᠠᠨ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠭᠦ  ᠶᠢ ᠬᠦᠳᠦᠯᠦᠨ ᠵᠢᠯᠤᠭᠤᠳᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号