ᠵᠡᠮᠳᠡᠭᠴᠤᠳ ᠤᠨ ᠠᠵᠢᠯ ᠤᠯᠭᠤᠯᠳᠠ ᠶᠢ ᠠᠬᠢᠭᠤᠯᠵᠦ᠂ ᠵᠡᠮᠳᠡᠭᠴᠤᠳ ᠤᠨ ᠡᠷᠬᠡ ᠠᠰᠢᠭ ᠢ ᠪᠠᠳᠤᠯᠠᠬᠤ ᠭᠤᠤᠯ ᠰᠡᠳᠦᠪᠳᠦ ᠬᠦᠳᠡᠯᠬᠡᠬᠡᠨ ᠶᠠᠪᠤᠭᠳᠠᠪᠠ
ᠨᠡᠶᠢᠲᠡᠯᠡᠭᠰᠡᠨ ᠴᠠᠭ᠄
2022/5/16
     2022 ᠤᠨ ᠤ5 ᠰᠠᠷ᠎ᠠ ᠶᠢᠨ15 ᠤ ᠡᠳᠦᠷ ᠪᠤᠯ ᠭᠤᠴᠢᠨ ᠬᠤᠶᠠᠳᠤᠭᠠᠷ ᠤᠳᠠᠭᠠᠨ ᠤ ︽ᠪᠦᠬᠦ ᠣᠯᠣᠰ  ᠤᠨ ᠵᠡᠮᠳᠡᠭᠴᠣᠳ ᠢ ᠲᠤᠰᠠᠯᠠᠬᠤ ᠡᠳᠦᠷ︾ ᠮᠦᠨ᠂ ᠲᠤᠰ ᠣᠳᠠᠭᠠᠨ ᠤ ᠠᠵᠢᠯᠯᠠᠭ᠎ᠠ ᠨᠢ ︽ᠵᠡᠮᠳᠡᠭᠴᠣᠳ ᠤᠨ ᠠᠵᠢᠯ ᠤᠯᠭᠤᠯᠳᠠ ᠶᠢ ᠠᠬᠢᠭᠤᠯᠵᠦ᠂  ᠵᠠᠮᠳᠡᠭᠴᠤᠳ ᠤᠨ ᠡᠷᠬᠡ ᠠᠰᠢᠭ ᠢ ᠪᠠᠳᠤᠯᠠᠬᠤ︾ ᠪᠠᠷ ᠭᠤᠤᠯ ᠰᠡᠳᠦᠪ ᠪᠤᠯᠭᠠᠭᠰᠠᠨ ᠪᠠᠶᠢᠨ᠎ᠠ᠃
      ᠪᠦᠬᠦ ᠬᠤᠰᠢᠭᠤᠨ ᠤ ᠵᠡᠮᠳᠡᠭᠴᠤᠳ ᠤᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂ ᠨᠡᠩ ᠣᠯᠠᠨ ᠬᠦᠮᠦᠰ ᠢ ᠵᠡᠮᠳᠡᠭᠴᠣᠳ ᠤᠨ ᠦᠢᠯᠡᠰ ᠢ ᠤᠶᠢᠯᠠᠭᠠᠨ ᠲᠡᠮᠵᠢᠬᠦ ᠶᠢ ᠤᠷᠢᠶᠠᠯᠠᠵᠦ᠂ ᠪᠦᠬᠦ ᠨᠡᠶᠢᠭᠡᠮ ᠤᠨ ᠵᠡᠮᠳᠡᠭᠴᠤᠳ ᠢ ᠲᠤᠰᠠᠯᠠᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠬᠦᠨᠵᠡᠭᠡᠶᠢᠷᠡᠭᠦᠯᠬᠦ ᠶᠢᠨ ᠲᠦᠯᠦᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠠᠴᠠ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ᠂ ᠠᠵᠢᠯᠴᠢᠨ ᠤ ᠶᠡᠷᠦᠩᠭᠡᠢ ᠡᠪᠯᠡᠯ ᠵᠡᠷᠭᠡ ᠪᠠᠶᠢᠭᠤᠯᠭ᠎ᠠ ᠨᠢᠬᠡᠴᠡ ᠲᠠᠢ ᠬᠠᠮᠳᠤᠷᠠᠯᠴᠠᠨ5 ᠰᠠᠷ᠎ᠠ  ᠶᠢᠨ13 ᠤ ᠡᠳᠦᠷ ᠤᠨ ᠦᠳᠡ ᠶᠢᠨ ᠡᠮᠦᠨ᠎ᠡ ᠪᠤᠶᠠᠨ ᠪᠠᠳᠠᠷᠠᠭᠤᠯᠤᠭᠴᠢ ᠰᠦᠮ᠎ᠡ ᠶᠢᠨ ᠠᠭᠤᠳᠠᠮ ᠲᠠᠯᠠᠪᠠᠢ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠤᠴᠢᠨ ᠬᠤᠶᠠᠳᠤᠭᠠᠷ ᠤᠳᠠᠭᠠᠨ ᠤ ︽ᠪᠦᠬᠦ  ᠤᠯᠤᠰ ᠤᠨ ᠵᠡᠮᠳᠡᠭᠴᠤᠳ ᠢ ᠲᠤᠰᠠᠯᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠨ ᠤᠯᠠᠨ  ᠨᠡᠶᠢᠳᠡ ᠳᠤ ᠠᠯᠪᠠᠨ ᠵᠢᠷᠤᠮ ᠤᠨ ᠡᠮᠴᠢᠯᠡᠭᠡ ᠬᠢᠬᠦ᠂ ᠠᠵᠢᠯ ᠤᠯᠭᠤᠯᠳᠠ ᠶᠢᠨ ᠵᠦᠪᠯᠡᠯᠭᠡ ᠦᠭᠬᠦ᠂ ᠵᠡᠮᠳᠡᠭᠴᠤᠳ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠢᠬᠦ ᠵᠡᠷᠭᠡ ᠦᠢᠯᠡᠴᠢᠯᠡᠭᠡ ᠬᠠᠩᠭᠠᠭᠰᠠᠨ ᠪᠠᠶᠢᠨ᠎ᠠ᠃ ᠲᠤᠬᠠᠢ   ᠶᠢᠨ ᠲᠠᠯᠠᠪᠤᠷ ᠲᠤ ᠦᠷᠭᠡᠨ ᠤᠯᠠᠨ ᠵᠡᠮᠳᠡᠭᠴᠤᠳ ᠤᠨ ᠭᠡᠷ ᠪᠦᠯᠢ ᠶᠢᠨ ᠬᠦᠮᠦᠰ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠢᠨ ᠢᠳᠡᠪᠬᠢᠳᠡᠢ ᠤᠷᠤᠯᠴᠠᠨ ᠲᠠᠮᠵᠢᠵᠦ᠂ ᠵᠡᠮᠳᠡᠭᠴᠤᠳ ᠢ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号