ᠪᠠᠶ᠋ᠬᠠᠤᠪᠤᠭ᠎ᠠ ᠰᠤᠮᠤᠨ ᠤ ︽ᠤᠯᠠᠭᠠᠨ ᠠᠨᠠᠷ︾ ᠤᠷᠠᠯᠢᠭ ᠤᠨ ᠪᠦᠯᠬᠦᠮ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠳᠡᠯᠭᠡᠭᠡᠨ ᠬᠦᠭᠵᠢᠶᠡᠨᠳᠡᠢ ᠶᠠᠪᠤᠭᠳᠠᠯ᠎ᠠ
ᠨᠡᠶᠢᠲᠡᠯᠡᠭᠰᠡᠨ ᠴᠠᠭ᠄
2022/5/20
     ᠣᠶᠣᠨ ᠤ ᠪᠤᠯᠪᠠᠰᠤᠨ ᠢ ᠤᠯᠠᠮ ᠨᠢᠭᠡ ᠠᠯᠬᠤᠮ ᠦᠢᠯᠡᠳᠦᠯᠭᠡᠵᠢᠭᠦᠯᠵᠦ᠂ ᠮᠠᠯᠴᠢᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ5 ᠰᠠᠷ᠎ᠠ ᠶᠢᠨ18 ᠤ ᠤᠷᠤᠢ᠂ ᠪᠠᠶ᠋ᠬᠠᠤᠪᠤᠭ᠎ᠠ ᠰᠤᠮᠤᠨ ᠤ ᠰᠢᠨ᠎ᠡ ᠴᠠᠭ  ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠭᠠᠵᠠᠷ ᠤᠨ ︽ᠤᠯᠠᠭᠠᠨ ᠠᠨᠠᠷ︾ ᠤᠷᠠᠯᠢᠭ ᠤᠨ ᠪᠦᠯᠬᠦᠮ ᠲᠠᠪᠰᠢᠯᠳᠦ ᠭᠠᠴᠠᠭᠠᠨ ᠳᠤ ᠬᠦᠷᠴᠦ ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠳᠡᠯᠭᠡᠭᠡᠨ ᠦᠷᠨᠢᠭᠦᠯᠪᠡ᠃
     ᠬᠦᠳᠡᠯᠭᠡᠭᠡᠨ ᠨᠢ ᠤᠷᠠᠯᠢᠭ ᠤᠨ ᠪᠦᠯᠬᠦᠮ ᠤᠨ ᠬᠡᠰᠢᠭᠦᠨ ᠠᠯᠳ᠋ᠬᠠᠭᠤᠯᠠ ᠶᠢᠨ ᠮᠤᠩᠭᠤᠯ ᠭᠡᠷ ᠲᠤ ᠶᠠᠪᠤᠭᠳᠠᠵᠦ ᠂ ︽ᠮᠠᠯᠴᠢᠨ ᠲᠦᠮᠡᠨ ᠠᠪ ᠬᠠᠮᠳᠦ ᠨᠠᠮ ᠢᠶᠠᠨ ᠮᠠᠭᠳᠠᠨ ᠲᠠᠭᠤᠯᠠᠨ᠎ᠠ︾ ᠬᠡᠭᠦ ᠲᠠᠭᠤᠤ ᠪᠠᠷ ᠤᠷᠠᠨ ᠰᠠᠶᠢᠬᠠᠨ ᠤ ᠲᠤᠭᠯᠠᠯᠳᠠ ᠶᠢᠨ ᠬᠦᠰᠢᠭᠡ ᠪᠠᠨ ᠰᠡᠬᠦᠵᠦ᠂ ᠦᠵᠡᠭᠳᠡᠯᠳᠦ ᠵᠦᠴᠦᠭᠡ ︽ᠠᠯᠤᠰ ᠳᠤ ᠰᠠᠭᠤᠭ᠎ᠠ ᠡᠵᠢ︾᠂ ︽ᠠᠪᠤ ᠡᠵᠢ ᠶᠢᠨ ᠨᠤᠳᠤᠭ ᠣᠰᠤ︾ ᠵᠡᠷᠭᠡ ᠤᠯᠠᠨ ᠰᠠᠶᠢᠬᠠᠨ ᠲᠤᠭᠯᠠᠯᠳᠠ ᠭᠠᠷᠭᠠᠨ ᠠᠭᠤᠤ ᠶᠡᠭᠡ ᠡᠪ ᠬᠠᠮᠳᠦ ᠨᠠᠮ ᠢᠶᠠᠨ ᠮᠠᠭᠳᠠᠨ ᠲᠠᠭᠤᠯᠠᠵᠦ᠂ ᠮᠠᠯᠴᠢᠨ ᠲᠦᠮᠡᠨ ᠳᠤ ᠨᠢᠭᠡ ᠤᠳᠠᠭᠠᠨ ᠤ ᠰᠤᠶᠤᠯ ᠤᠷᠠᠯᠢᠭ ᠤᠨ ᠬᠦᠷᠳᠡᠭᠡᠮᠵᠢ ᠤᠯᠭᠤᠭᠰᠠᠨ ᠮᠦᠷᠳᠡᠭᠡᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠦᠩᠭᠡ ᠪᠤᠳᠤᠭ ᠨᠡᠮᠡᠷᠢᠯᠡᠭᠰᠡᠨ ᠪᠠᠶᠢᠨ᠎ᠠ᠃
     ︽ᠤᠯᠠᠭᠠᠨ ᠠᠨᠠᠷ︾ ᠤᠷᠠᠯᠢᠭ ᠤᠨ ᠪᠦᠯᠬᠦᠮ ᠨᠢ ᠪᠠᠶ᠋ᠬᠠᠤᠪᠤᠭ᠎ᠠ ᠰᠤᠮᠤᠨ ᠤ ᠠᠷᠠᠳ ᠤᠨ ᠤᠷᠠᠯᠢᠭᠴᠢᠳ  ᠢᠶᠠᠷ ᠪᠦᠷᠢᠯᠳᠦᠭᠰᠡᠨ ᠤᠯᠠᠨ ᠲᠦᠮᠡᠨ ᠳᠤ ᠦᠢᠯᠡᠴᠢᠯᠡᠬᠦ᠂ ᠠᠷᠠᠳ ᠲᠤ ᠠᠰᠢᠭ ᠬᠦᠷᠳᠡᠭᠡᠵᠦ ᠠᠷᠠᠳ ᠢ ᠪᠠᠶᠠᠰᠬᠠᠬᠤ᠂ ᠦᠨᠳᠦᠰᠦᠳᠡᠨ ᠤ ᠪᠦᠯᠬᠦᠮᠳᠡᠯ ᠤᠷᠤᠭᠰᠢᠯᠠᠯᠳᠠ ᠶᠢᠨ ᠴᠢᠬᠤᠯᠠ ᠠᠴᠢᠶᠠᠯᠠᠪᠤᠷᠢ ᠪᠤᠯᠬᠤ ᠮᠦᠷᠳᠡᠭᠡᠨ ᠰᠤᠷᠳᠠᠯ ᠤᠬᠠᠭᠤᠯᠭ᠎ᠠ ᠶᠢᠨ ᠰᠠᠭᠤᠷᠢᠨ ᠭᠠᠵᠠᠷ ᠮᠦᠨ᠃ ᠮᠦᠨᠴᠦ ᠨᠡᠶᠢᠭᠡᠮ ᠵᠢᠷᠤᠮ   ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠠᠳᠠᠷᠠᠭᠤᠯᠬᠤ᠂ ᠪᠤᠯᠪᠠᠰᠤᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠡᠨᠡ ᠵᠢᠯ ᠠᠴᠠ ᠤᠳᠬ᠎ᠠ ᠤᠷᠠᠯᠢᠭ ᠤᠨ ᠪᠦᠮᠬᠦᠮ ᠨᠢ ᠰᠤᠮᠤ᠂ ᠭᠠᠴᠠᠭ᠎ᠠ᠂ ᠮᠠᠯᠴᠢᠨ ᠡᠷᠦᠬᠡ ᠳᠤ ᠬᠦᠨᠵᠡᠭᠡᠶᠢᠷᠡᠨ ᠤᠳᠬ᠎ᠠ ᠤᠷᠠᠯᠢᠭ ᠤᠨ ᠰᠢᠷᠢᠰ ᠠᠵᠢᠯᠯᠠᠭ᠎ᠠ ᠦᠷᠨᠢᠭᠦᠯᠵᠦ᠂ ᠤᠯᠠᠨ ᠲᠦᠮᠡᠨ ᠤ ᠤᠳᠬ᠎ᠠ ᠤᠷᠠᠯᠢᠭ ᠤᠨ ᠬᠡᠪ ᠪᠤᠯᠪᠠᠰᠤᠷᠠᠯ ᠢ ᠲᠠᠰᠤᠷᠠᠯᠳᠠ ᠦᠭᠡᠢ ᠲᠡᠭᠡᠭᠰᠢᠯᠡᠭᠦᠯᠦᠨ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠬᠦᠭᠵᠢᠶᠡᠨᠳᠡᠢ ᠪᠤᠯᠭᠠᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号