ᠰᠠᠭᠤᠭᠠᠯᠢ ᠠᠷᠠᠳ ᠲᠤ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠬᠤ ᠨᠠᠩ ᠲᠦᠷᠭᠡᠨ᠂ ᠨᠠᠩ | ᠥᠨᠳᠥᠷ ᠪᠦᠲᠦᠮᠵᠢᠲᠡᠶ ᠦᠢᠯᠡᠴᠢᠯᠡᠭᠡ ᠶᠢ ᠡᠳ᠋ᠯᠡᠭᠦᠯᠬᠦ ᠶᠢᠨ ᠲᠥᠯᠥᠭᠡ᠂ ᠪᠠᠲᠤᠬᠠᠭᠠᠯᠭ᠎ᠠ ᠪᠠᠯᠭᠠᠰᠤᠨ ᠳᠤ | ᠴᠥᠮ᠎ᠡ ᠶᠢᠨ ᠬᠦᠴᠢᠯ ᠤᠨ ᠥᠯᠢᠭᠡᠷ ᠠᠪᠬᠤ ᠴᠡᠭ ᠢ 2 ᠰᠢᠨ᠎ᠡ ᠪᠠᠷ ᠨᠡᠮᠡᠪᠡ᠃ | 1.ᠦᠯᠢᠭᠡᠷ ᠠᠪᠬᠤ ᠴᠡᠭ ᠤᠨ ᠬᠠᠶ᠋ᠢᠭ᠄ | ︵1︶ ᠪᠠᠲᠤᠬᠠᠭᠠᠯᠭ᠎ᠠ ᠪᠠᠯᠭᠠᠰᠤᠨ ᠤ ᠶᠠᠫᠣᠨ ᠢ ᠡᠰᠡᠷᠭᠦᠴᠡᠭᠰᠡᠨ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ | ᠣᠷᠳᠣᠨ ᠤ ᠡᠮᠦᠨ᠎ᠡ ᠲᠠᠯ᠎ᠠ | ︵2︶ ᠮᠠᠰᠢᠨ ᠲᠡᠷᠭᠡᠨ ᠤ ᠥᠷᠲᠡᠭᠡᠨ ᠤ ᠡᠭᠦᠳᠡᠨ ᠡᠮᠦᠨ᠎ᠡ | 2.ᠦᠯᠢᠭᠡᠷ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ | ᠦᠳᠡ ᠶᠢᠨ ᠡᠮᠦᠨ᠎ᠡ 8᠄ 30 — 11᠄ 30 — ᠦᠳᠡ ᠶᠢᠨ ᠬᠤᠶᠢᠨ᠎ᠠ 2᠄ 30 — 5᠄ 00 | ︵ᠵᠠᠯᠭᠠᠭᠠᠳ ᠥᠯᠢᠭᠡᠷ ᠠᠪᠬᠤ ᠬᠥᠮᠦᠨ ᠤ ᠲᠤᠭ᠎ᠠ ᠶᠢ ᠦᠨᠳᠦᠰᠦᠯᠡᠨ ᠲᠣᠬᠢᠷᠠᠭᠤᠯᠤᠯᠲᠠ ᠬᠢᠨ᠎ᠠ︶ | 3. ᠪᠠᠶᠢᠴᠠᠭᠠᠨ ᠰᠢᠯᠭᠠᠬᠤ ᠱᠠᠭᠠᠷᠳᠠᠯᠭ᠎ᠠ᠄ ᠥᠪᠡᠷ ᠤᠨ ᠪᠡᠶ᠎ᠡ ᠶᠢᠨ ᠦᠨᠡᠮᠯᠡᠯ ᠢᠶᠠᠨ ᠪᠡᠶ᠎ᠡ ᠳᠡᠭᠡᠨ ᠠᠪᠴᠤ | ᠶᠠᠪᠤᠬᠤ᠂ ᠰᠠᠨᠠᠭᠠᠴᠢᠯᠠᠭ᠎ᠠ ᠠᠴᠠ ᠪᠠᠨ ᠲᠠᠯᠠᠪᠤᠷ ᠭᠠᠵᠠᠷ ᠤᠨ ᠨᠣᠮᠧᠷ ᠢᠶᠠᠨ ᠰᠢᠷᠪᠢᠬᠦ᠂ ᠡᠷᠡᠭᠦᠯ ᠮᠡᠨᠳᠦ ᠶᠢᠨ ᠨᠣᠮᠧᠷ᠂ | ᠠᠶᠠᠯᠠᠯ ᠤᠨ ᠨᠣᠮᠧᠷ ᠢᠶᠠᠨ ᠦᠵᠡᠭᠦᠯᠬᠦ᠂ ᠮᠡᠳᠡᠭᠡ ᠵᠠᠩᠭᠢ ᠴᠤᠭᠯᠠᠭᠤᠯᠤᠨ ᠳᠠᠩᠰᠠᠯᠠᠬᠤ ᠠᠵᠢᠯ ᠢ ᠤᠷᠢᠳᠴᠢᠯᠠᠨ | ᠰᠠᠶᠢᠲᠤᠷ ᠬᠢᠬᠦ ᠳᠤ ᠨᠢᠭᠡ ᠮᠧᠲᠷ ᠤᠨ ᠱᠤᠭᠤᠮ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠥᠯᠢᠭᠡᠷ ᠠᠪᠬᠤ ᠭᠠᠵᠠᠷ ᠤᠨ ᠬᠥᠮᠦᠰ ᠴᠤᠭᠯᠠᠷᠠᠬᠤ ᠠᠴᠠ | ᠵᠠᠶᠢᠯᠠᠰᠬᠢᠬᠦ ᠬᠡᠷᠡᠭᠲᠡᠶ᠃ |