ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠬᠤᠷᠠᠯᠳᠤᠪᠠ ᠵᠢᠶᠠ ᠪᠦᠦ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/5/24
     5 ᠰᠠᠷ᠎ᠠ ᠶᠢᠨ 18 ᠤ ᠦᠳᠡ ᠶᠢᠨ ᠬᠤᠶᠢᠨ᠎ᠠ᠂ ᠪᠦᠭᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ  ᠠᠴᠠ ᠶᠡᠷᠦᠩᠬᠡᠶ ᠱᠦᠵᠢ ᠰᠢ ᠶᠢᠨ ᠫᠢᠩ  ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦ ᠣᠷᠣᠨ᠂ ᠪᠥᠬᠦ ᠬᠤᠲᠠ ᠶᠢᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠶᠢ ᠳᠠᠶᠢᠴᠢᠯᠠᠨ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠦᠲᠦᠮᠵᠢᠲᠡᠶ ᠰᠠᠶᠢᠲᠤᠷ ᠬᠢᠵᠦ᠂ ᠱᠠᠰᠢᠨ ᠰᠢᠲᠦᠳᠡᠭ ᠣᠯᠠᠨ ᠲᠦᠮᠡᠨ ᠢ ᠨᠠᠩ ᠰᠠᠶᠢᠲᠤᠷ ᠵᠣᠬᠢᠶᠠᠨ ᠪᠠᠶᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠪᠠᠷ ᠠᠮᠢ ᠠᠬᠤᠶ᠂ ᠠᠮᠢᠵᠢᠷᠠᠯ ᠤᠨ ᠬᠦᠴᠦᠨ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳᠠᠷᠮᠤᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂ ᠤᠯᠤᠰ ᠳᠦᠷᠤ ᠶᠢᠨ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠤᠸᠠᠨ  ᠰᠢᠦᠢ ᠬᠤᠷᠠᠯ ᠡᠷᠭᠢᠯᠠᠵᠠᠢ᠃ ᠬᠤᠰᠢᠭᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠬᠤᠰᠢᠭᠤᠨ ᠬᠠᠤᠯᠢ ᠪᠠᠶᠢᠴᠠᠭᠠᠬᠤ ᠬᠤᠶᠠᠷ ᠳᠠᠷᠤᠭ᠎ᠠ᠂ ᠪᠠᠷᠠᠭᠤᠨ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠵᠠᠶ᠃      ᠵᠢᠶᠠ ᠪᠦᠦ ᠯᠢᠶᠠᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠰᠢᠵᠦ᠂ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠢᠯᠠᠩᠭᠤᠶ᠎ᠠ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠯᠠᠪᠳᠠᠭᠤᠨ ᠭᠦᠨᠵᠡᠭᠡᠶ᠂ ᠬᠦᠴᠦᠲᠡᠶ ᠪᠥᠭᠡᠳ ᠪᠦᠲᠦᠮᠵᠢᠲᠡᠶ ᠠᠵᠢᠯᠯᠠᠭ᠎ᠠ ᠪᠠᠷ ᠢᠶᠠᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠢᠯᠡᠷᠡᠭᠦᠯᠵᠦ᠂ ᠮᠠᠨ ᠤ ᠬᠤᠰᠢᠭᠤᠨ ᠤ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠳᠡᠨ᠂ ᠱᠠᠰᠢᠨ ᠰᠤᠷᠲᠠᠬᠤᠨ ᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠦᠭᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠶ ᠶᠢᠨ ᠣᠷᠴᠢᠨ ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠳᠤ ᠬᠠᠮᠤᠭ ᠶᠡᠭᠡ ᠬᠡᠮᠵᠢᠶ᠎ᠡ ᠪᠠᠷ ᠬᠦᠴᠦᠨ ᠴᠢᠳᠠᠯ ᠢᠶᠠᠨ ᠡᠷᠭᠦᠨ᠎ᠡ᠃ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ ᠬᠥᠲᠥᠯᠥᠨ ᠵᠢᠯᠣᠭᠤᠳᠴᠤ ᠲᠡᠮᠵᠢᠵᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠤ ︽ᠲᠠᠪᠤᠨ ᠮᠡᠳᠡᠷᠡᠮᠵᠢ︾ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠤᠨ ᠲᠤᠬᠠᠶ ᠲᠠᠨᠢᠯᠲᠠ ᠶᠢ ᠭᠦᠨᠵᠡᠭᠡᠶᠢᠷᠡᠭᠦᠯᠦᠨ᠎ᠡ᠃ ᠢᠨᠲ᠋ᠤᠷ ᠰᠦᠯᠵᠢᠶᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠢᠨᠲ᠋ᠤᠷ ᠰᠦᠯᠵᠢᠶᠡᠨ ᠤ ᠱᠠᠰᠢᠨ ᠰᠤᠷᠲᠠᠬᠤᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠵᠥᠪ ᠲᠠᠯ᠎ᠠ ᠶᠢᠨ ᠤᠬᠠᠭᠤᠯᠭ᠎ᠠ ᠶᠢ ᠥᠷᠨᠢᠭᠦᠯᠵᠦ᠂ ᠰᠦᠯᠵᠢᠶᠡᠨ ᠤ ᠱᠠᠰᠢᠨ ᠰᠤᠷᠲᠠᠬᠤᠨ ᠳᠤ ᠬᠤᠯᠪᠣᠭᠳᠠᠭᠰᠠᠨ ᠶᠠᠷᠢᠶ᠎ᠠ ᠬᠡᠯᠡᠯᠴᠡᠭᠡᠨ ᠤ ᠭᠤᠣᠯᠯᠠᠬᠤ ᠡᠷᠬᠡ ᠶᠢ ᠪᠠᠲᠤ ᠡᠵᠡᠮᠰᠢᠨ᠎ᠡ᠃ ︽ᠱᠠᠰᠢᠨ ᠰᠤᠷᠲᠠᠬᠤᠨ ᠤ ᠪᠦᠯᠬᠦᠮ ᠤᠨ ᠬᠠᠮᠢᠶᠠᠷᠤᠯᠲᠠ ᠶᠢᠨ ᠠᠷᠭ᠎ᠠ︾ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠬᠤ ᠶᠢ ᠲᠡᠮᠵᠢᠨ ᠬᠥᠲᠥᠯᠥᠨ ᠵᠢᠯᠣᠭᠤᠳᠤᠨ᠎ᠠ᠃ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠂ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠤᠯᠤᠰ ᠤᠨ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠠᠵᠢᠯ ᠤᠨ ᠬᠡᠷᠡᠭ ᠶᠠᠪᠤᠳᠠᠯ ᠤᠨ ᠲᠦᠷᠢᠮ︾ ᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠱᠠᠰᠢᠨ ᠰᠤᠷᠲᠠᠬᠤᠨ ᠤ ᠠᠰᠠᠭᠤᠳᠠᠯ ᠢ ᠰᠢᠢᠳᠪᠦᠷᠢᠯᠡᠬᠦ ᠬᠢᠷᠢ ᠬᠡᠮᠵᠢᠶ᠎ᠡ ᠪᠠ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠦᠵᠡᠯ ᠰᠠᠨᠠᠭᠠᠨ ᠤ ᠵᠢᠯᠣᠭᠤᠳᠣᠯᠭ᠎ᠠ ᠶᠢ ᠳᠣᠪᠤᠶᠢᠯᠭᠠᠨ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号