ᠶᠠᠮᠠᠷ ᠪᠠᠶᠢᠳᠠᠯ ᠳᠤ ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ  ᠰᠠᠭᠤᠷᠢ ᠮᠦᠩᠭᠦ ᠶᠢ ᠭᠤᠶᠤᠴᠢᠯᠠᠵᠦ ᠪᠤᠯᠬᠤ ᠲᠤᠬᠠᠢ ᠲᠠ ᠪᠦᠬᠦᠨ ᠳᠤ ᠪᠠᠨ ᠰᠠᠨᠤᠭᠤᠯᠤᠶ᠎ᠠ︕
ᠨᠡᠶᠢᠲᠡᠯᠡᠭᠰᠡᠨ ᠴᠠᠭ᠄
2022/5/25
     ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠲᠤᠬᠠᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠴᠧᠨ ᠱᠧᠩ ᠠᠴᠠ ︽ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠬᠠᠮᠢᠶᠠᠷᠤᠯᠳᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ᠶᠢᠨ ᠨᠠᠷᠢᠨ ᠪᠠᠶᠢᠳᠠᠯ ᠢ ᠦᠷᠭᠡᠨ ᠤᠯᠠᠨ ᠲᠦᠮᠡᠨ ᠳᠤ ᠲᠦᠭᠦᠮ ᠲᠠᠶᠢᠯᠪᠤᠷᠢ ᠬᠢᠭᠰᠡᠨ ᠪᠠᠶᠢᠨ᠎ᠠ᠃ ᠡᠨᠡ ᠨᠢ ᠲᠠᠷᠤᠢ ᠮᠠᠰᠢᠨ ᠲᠡᠷᠭᠡᠨ ᠤ ᠵᠠᠮ ᠬᠠᠷᠢᠯᠴᠠᠭᠠᠨ ᠤ ᠠᠳᠡᠯ ᠲᠤᠮᠳᠠ ᠬᠤᠬᠢᠷᠠᠯ ᠠᠮᠰᠠᠭᠴᠢ ᠶᠢᠨ ᠦᠬᠦᠯ  ᠰᠢᠷᠠᠭᠳᠤᠯ ᠤᠨ ᠤᠷᠤᠰᠢᠭᠤᠯᠭ᠎ᠠ ᠶᠢᠨ ᠰᠦᠢᠳᠭᠡᠯ ᠤᠨ᠂ ᠲᠦᠷᠭᠡᠨ ᠠᠪᠤᠷᠠᠯᠳᠠ ᠶᠢᠨ ᠰᠦᠢᠳᠭᠡᠯ ᠤᠨ ᠬᠡᠰᠡᠭ ᠪᠤᠶᠤ ᠪᠦᠬᠦᠨ ᠢ ᠤᠷᠤᠯᠠᠨ ᠦᠭᠭᠦ ᠳᠤ ᠬᠡᠷᠡᠭᠯᠡᠬᠦ ᠬᠠᠥᠯᠢ ᠶᠤᠰᠤᠭᠠᠷ ᠴᠤᠭᠯᠠᠭᠤᠯᠤᠭᠰᠠᠨ ᠨᠠᠶᠢᠭᠡᠮ ᠤᠨ ᠲᠤᠰᠬᠠᠢ ᠰᠠᠭᠤᠷᠢ ᠮᠦᠩᠭᠦ ᠶᠢ ᠵᠢᠭᠠᠵᠦ ᠪᠠᠶᠢᠭ᠎ᠠ, ᠶᠤᠮ᠃
     2009 ᠤᠨ ᠳᠤ ᠡᠳ᠋ ᠤᠨ ᠵᠠᠰᠠᠭ ᠤᠨ ᠶᠠᠮᠤᠨ᠂ ᠲᠠᠭᠠᠳᠬᠠᠯ ᠤᠨ ᠦᠢᠯᠡᠰ ᠤᠨ ᠬᠢᠨᠠᠯᠳᠠ ᠬᠠᠮᠢᠶᠠᠷᠤᠯᠳᠠ  ᠶᠢᠨ ᠵᠦᠪᠯᠡᠯ᠂ ᠲᠤᠳᠤᠭᠠᠳᠦ ᠶᠢ ᠬᠠᠮᠠᠭᠠᠯᠠᠬᠤ ᠶᠠᠮᠤᠨ᠂ ᠡᠷᠡᠭᠦᠯ ᠬᠠᠮᠠᠭᠠᠯᠠᠯ ᠤᠨ ᠶᠠᠮᠤᠨ᠂ ᠲᠠᠷᠢᠶᠠᠯᠠᠩ ᠤᠨ ᠶᠠᠮᠤᠨ ᠬᠠᠮᠳᠤᠷᠠᠨ ︽ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠬᠠᠮᠢᠶᠠᠷᠤᠯᠳᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ᠶᠢ ᠨᠡᠶᠢᠳᠡᠯᠡᠵᠦ᠂ ᠠᠪᠤᠷᠠᠨ ᠲᠤᠰᠠᠯᠠᠬᠤ ᠰᠠᠭᠤᠷᠢ ᠮᠦᠩᠭᠦ  ᠶᠢᠨ ᠨᠢᠭᠡᠳᠦᠯᠳᠡᠢ ᠲᠦᠷᠦ ᠶᠢᠨ ᠪᠤᠳᠤᠯᠭ᠎ᠠ ᠶᠢ ᠪᠡᠶᠡᠯᠡᠭᠦᠯᠵᠦ᠂ ᠤᠷᠤᠨ ᠨᠤᠳᠤᠭ ᠤᠨ ᠬᠢᠨ ᠴᠤᠭᠯᠠᠭᠤᠯᠵᠦ᠂  ᠱᠠᠳᠣ ᠬᠤᠪᠢᠶᠠᠨ ᠬᠠᠮᠢᠶᠠᠷᠴᠦ᠂ ᠠᠵᠢᠯ ᠬᠤᠪᠢᠶᠠᠨ ᠬᠠᠷᠢᠭᠤᠴᠠᠪᠠ᠃      2021 ᠤᠨ ᠳᠤ ᠡᠳ᠋ ᠤᠨ ᠵᠠᠰᠠᠭ ᠤᠨ ᠶᠠᠮᠤᠨ᠂ ᠪᠠᠩᠭᠢ ᠲᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠲᠤᠳᠤᠭᠠᠳᠦ ᠶᠢ ᠬᠠᠮᠠᠭᠠᠯᠠᠬᠤ  ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ ᠬᠠᠮᠳᠤᠷᠠᠨ107 ᠳ᠋ᠤᠭᠠᠷ ᠲᠤᠭᠠᠳᠦ ᠵᠠᠷᠯᠢᠭ ᠨᠡᠶᠢᠳᠡᠯᠡᠵᠦ᠂ ︽ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠬᠠᠮᠢᠶᠠᠷᠤᠯᠳᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ᠳᠤ ᠰᠢᠨ᠎ᠡ ᠪᠠᠷ ᠵᠠᠰᠠᠪᠤᠷᠢ ᠤᠷᠤᠭᠤᠯᠤᠨ᠂ ᠰᠢᠨ᠎ᠡ ᠠᠷᠭ᠎ᠠ ᠳᠤ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠬᠠᠶᠢᠯᠠᠪᠠᠯ ᠡᠳ᠋ ᠤᠨ ᠵᠠᠰᠠᠭ ᠤᠨ ᠰᠠᠯᠠᠭ᠎ᠠ ᠮᠦᠴᠢᠷ   ᠨᠢ ᠬᠤᠬᠢᠷᠠᠯ ᠠᠮᠰᠠᠭᠴᠢ ᠶᠢ ᠤᠷᠤᠯᠠᠵᠦ᠂ ᠠᠪᠤᠷᠠᠨ ᠲᠤᠰᠠᠯᠯᠠᠳᠠ ᠬᠦᠯᠢᠶᠡᠬᠦ ᠦᠶ᠎ᠡ ᠶᠢᠨ72 ᠴᠠᠭ ᠤᠨ ᠲᠤᠳᠤᠷᠠᠬᠢ ᠵᠠᠷᠤᠳᠠᠯ ᠢ ᠦᠭᠴᠦ ᠪᠠᠶᠢᠭᠰᠠᠨ ᠢᠶᠠᠨ7 ᠡᠳᠦᠷ ᠤᠨ ᠲᠤᠳᠤᠷᠠᠬᠢ ᠵᠠᠷᠤᠳᠠᠯ ᠢ ᠤᠷᠤᠯᠠᠨ ᠦᠭᠴᠦ᠂ ᠬᠤᠬᠢᠷᠠᠯ ᠠᠮᠰᠠᠭᠴᠢ ᠶᠢ ᠠᠪᠤᠷᠠᠬᠤ ᠴᠠᠭ ᠢ ᠤᠷᠳᠤᠳᠬᠠᠨ᠂ ᠠᠷᠠᠳ ᠲᠦᠮᠡᠨ ᠢ ᠬᠦᠨᠳᠦᠳᠭᠡᠬᠦ᠂ ᠠᠮᠢ ᠨᠠᠰᠤ ᠶᠢ ᠲᠡᠭᠡᠳᠦᠯᠡᠬᠦ ᠤᠶᠢᠯᠠᠭᠠᠭᠳᠠᠬᠤᠨ ᠢ ᠭᠦᠢᠴᠡᠳ ᠬᠠᠷᠠᠭᠤᠯᠤᠭᠰᠠᠨ ᠪᠠᠶᠢᠨ᠎ᠠ᠃
     2021 ᠤᠨ ᠤ10 ᠰᠠᠷ᠎ᠠ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ  ᠤᠨ ᠲᠢᠩᠭᠢᠮ᠂ ᠦᠨᠳᠦᠷ ᠵᠡᠷᠭᠡ ᠶᠢᠨ ᠰᠢᠬᠦᠬᠦ ᠬᠤᠷᠢᠶ᠎ᠠ᠂ ᠪᠠᠩᠭᠢ ᠲᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂  ᠲᠤᠳᠤᠭᠠᠳᠦ ᠶᠢ ᠬᠠᠮᠠᠭᠠᠯᠠᠬᠤ ᠲᠢᠩᠭᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠬᠠᠥᠯᠢ ᠴᠠᠭᠠᠵᠠ ᠶᠢᠨ ᠲᠢᠩᠭᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠭᠢᠮ ᠬᠠᠮᠳᠤᠷᠠᠨ ︽ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠦᠴᠢᠷ   ᠤᠨ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠠᠵᠢᠯ ᠤᠨ ᠲᠤᠮᠳᠠ ᠭᠦᠢᠴᠡᠳᠭᠡᠪᠡᠰᠦ ᠵᠤᠬᠢᠬᠤ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠂ ᠠᠪᠤᠷᠠᠨ ᠲᠤᠰᠠᠯᠠᠬᠤ ᠰᠠᠭᠤᠷᠢ ᠮᠦᠩᠭᠦ ᠭᠤᠶᠤᠴᠢᠯᠠᠬᠤ ᠶᠠᠪᠤᠴᠠ ᠶᠢ ᠨᠠᠷᠢᠯᠢᠭᠵᠢᠭᠤᠯᠬᠤ ᠶᠢᠨ ᠬᠠᠮᠳᠦ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠪᠠᠷ ᠲᠠᠮᠵᠢᠭᠤᠯᠤᠨ ᠪᠡᠯᠡ ᠮᠦᠩᠭᠦᠨ ᠤ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠦ ᠺᠤᠮᠫᠠᠨᠢ ᠶᠢ ᠦᠪᠦᠷ ᠮᠤᠩᠭᠤᠯ ᠤᠨ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠨᠠᠶᠢᠳᠠᠯᠭ᠎ᠠ ᠶᠢ ᠬᠦᠯᠢᠶᠡᠭᠰᠡᠨ ᠬᠠᠮᠢᠶᠠᠷᠣᠯᠳᠠ ᠶᠢᠨ ᠪᠠᠶᠢᠭᠤᠯᠤᠮᠵᠢ ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠠᠵᠢᠯᠯᠠᠭᠠᠨ ᠤ ᠬᠠᠮᠢᠶᠠᠷᠤᠯᠳᠠ ᠶᠢ ᠬᠠᠷᠢᠭᠤᠴᠠᠭᠤᠯᠬᠤ ᠪᠠᠷ ᠲᠤᠭᠳᠠᠭᠠᠪᠠ᠃      ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ  ᠠᠪᠤᠷᠠᠨ ᠲᠤᠰᠯᠠᠠᠬᠤ ᠰᠠᠭᠤᠷᠢ ᠮᠦᠩᠭᠦ ᠨᠢ ᠨᠢᠭᠡ ᠲᠦᠷᠦᠯ  ᠤᠨ ᠰᠢᠨ᠎ᠡ ᠬᠡᠯᠪᠡᠷᠢ ᠶᠢᠨ ᠨᠡᠶᠢᠭᠡᠮ ᠤᠨ ᠪᠠᠳᠤᠯᠠᠭ᠎ᠠ ᠶᠢᠨ ᠲᠦᠷᠢᠮ ᠪᠤᠯᠬᠤ ᠶᠤᠮ᠃  ᠡᠨᠡ ᠨᠢ ᠮᠠᠰᠢᠨ ᠲᠡᠷᠭᠡᠨ ᠤ ᠲᠠᠭᠠᠳᠬᠠᠯ ᠦᠢᠯᠡᠳᠦᠯ ᠭᠠᠷᠬᠤ ᠦᠭᠡᠢ ᠦᠶ᠎ᠡ ᠳᠤ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠦᠩᠭᠦ ᠶᠢᠨ ᠲᠤᠰᠠᠯᠠᠮᠵᠢ ᠪᠠᠷ ᠲᠠᠮᠵᠢᠨ ᠵᠤᠬᠢᠬᠤ ᠬᠡᠮᠵᠢᠶᠡᠨ ᠤ ᠨᠦᠬᠦᠪᠦᠷᠢ ᠬᠦᠷᠳᠡᠭᠡᠨ᠎ᠡ᠂ ᠤᠯᠤᠰ ᠪᠠ ᠨᠡᠶᠢᠭᠡᠮ ᠠᠴᠠ ᠠᠷᠠᠳ ᠢᠷᠭᠡᠳ ᠤᠨ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢ ᠬᠠᠯᠠᠮᠵᠢᠯᠠᠨ ᠲᠤᠰᠠᠯᠠᠵᠦ᠂ ᠨᠡᠶᠢᠭᠡᠮ ᠤᠨ ᠵᠦᠷᠢᠴᠡᠯ ᠢ ᠠᠷᠢᠯᠭᠠᠨ᠂ ᠡᠶ᠎ᠡ ᠵᠤᠬᠢᠴᠠᠯ ᠲᠠᠢ ᠨᠡᠶᠢᠭᠡᠮ ᠤᠨ ᠪᠠᠶᠢᠭᠤᠯᠤᠯᠳᠠ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号