ᠪᠤᠯᠪᠠᠰᠤᠨ ᠪᠤᠰᠤ ᠦᠢᠯᠡ ᠠᠵᠢᠯᠯᠠᠭ᠎ᠠ ᠳᠤ ︽ᠪᠤᠯᠬᠤ ᠦᠭᠡᠢ︾ ᠬᠡᠵᠦ ᠬᠡᠯᠡᠶ᠎ᠡ
ᠨᠡᠶᠢᠲᠡᠯᠡᠭᠰᠡᠨ ᠴᠠᠭ᠄
2022/5/26
     ᠬᠤᠳᠠ ᠶᠢᠨ ᠠᠷᠠᠳ ᠤᠨ ᠵᠠᠮ ᠬᠠᠷᠢᠯᠴᠠᠭᠠᠨ ᠤ ᠡᠮᠬᠢ ᠲᠢᠭᠯᠢᠮ ᠪᠠ ᠵᠡᠭᠡᠯᠢ ᠭᠤᠳᠤᠮᠵᠢ ᠶᠢᠨ ᠠᠷᠢᠭᠤᠨ ᠴᠡᠪᠡᠷ ᠪᠤᠯ ᠬᠤᠳᠠ ᠶᠢᠨ ᠲᠦᠷᠢ ᠲᠦᠷᠬᠦ ᠶᠢᠨ ᠴᠤᠩᠬᠤᠪᠴᠢ᠂ ᠪᠤᠯᠪᠠᠰᠤᠨ ᠬᠤᠳᠠ ᠶᠢᠨ ᠴᠢᠬᠤᠯᠠ ᠪᠡᠯᠭᠡ ᠲᠡᠮᠳᠡᠭ ᠪᠤᠯᠤᠨ᠎ᠠ᠃ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠠᠵᠢᠯ ᠳᠤ ᠬᠦᠴᠦ ᠨᠡᠮᠡᠷᠢᠯᠡᠵᠦ᠂ ᠤᠬᠠᠮᠰᠠᠷ ᠠᠴᠠ ᠪᠠᠨ ᠵᠠᠮ ᠬᠠᠷᠢᠯᠴᠠᠭᠠᠨ ᠤ ᠲᠦᠷᠢᠮ ᠲᠤᠭᠳᠠᠭᠠᠯ ᠢ ᠰᠠᠬᠢᠵᠦ᠂ ᠰᠠᠭᠤᠭᠠᠯᠢ ᠲᠤᠭᠤᠷᠢᠭ ᠤᠨ ᠣᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠪᠤᠯ ᠬᠤᠳᠠ ᠶᠢᠨ ᠠᠷᠠᠳ ᠪᠦᠬᠦᠨ ᠤ ᠬᠠᠷᠢᠭᠤᠴᠠᠯᠭ᠎ᠠ ᠮᠦᠨ᠃
     ᠮᠠᠨ ᠤ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠳᠠᠬᠢ ᠵᠠᠷᠢᠮ ᠠᠷᠠᠳ ᠢᠷᠭᠡᠳ ᠵᠠᠮ ᠡᠵᠡᠯᠡᠵᠦ ᠬᠤᠳᠠᠯᠳᠤᠭ᠎ᠠ ᠡᠷᠬᠢᠯᠡᠨ ᠵᠠᠮ ᠬᠠᠷᠢᠯᠴᠠᠭᠠᠨ ᠤ ᠡᠮᠬᠢ ᠲᠢᠭᠯᠢᠮ ᠢ ᠰᠠᠮᠠᠷᠠᠭᠤᠯᠵᠦ᠂ ᠵᠡᠭᠡᠯᠢ ᠭᠤᠳᠤᠮᠵᠢ ᠶᠢᠨ ᠠᠷᠢᠭᠤᠨ ᠴᠡᠪᠡᠷ ᠢ ᠡᠪᠳᠡᠵᠦ ᠪᠠᠶᠢᠨ᠎ᠠ᠃
     ᠬᠤᠳᠠ ᠶᠢᠨ ᠠᠷᠠᠳ ᠪᠦᠬᠦᠨ ᠡᠷᠬᠡᠪᠰᠢ ᠡᠳᠡᠭᠡᠷ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠡᠷᠡᠰ ᠲᠠᠪᠴᠢᠵᠦ ᠪᠤᠯᠪᠠᠰᠤᠨ ᠲᠦᠷᠢ ᠲᠦᠷᠬᠦ ᠶᠢ ᠡᠭᠦᠳᠦᠨ᠂ ᠪᠤᠯᠪᠠᠰᠤᠨ ᠬᠤᠳᠠ ᠶᠢᠨ ᠬᠡᠪ ᠨᠠᠮᠪᠠ ᠪᠠᠨ ᠪᠠᠳᠠᠷᠠᠭᠤᠯᠬᠤ  ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠪᠤᠯᠪᠠᠰᠤᠨ ᠶᠤᠰᠤ ᠰᠤᠷᠳᠠᠬᠤᠨ ᠲᠠᠢ ᠢᠷᠭᠡᠨ ᠪᠤᠯᠬᠤ ᠪᠠᠷ ᠴᠢᠷᠮᠠᠶᠢᠵᠠᠭᠠᠶ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号