ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠲᠦᠷᠪᠡᠨ ᠲᠦᠪ ᠬᠤᠯᠪᠤᠭᠠᠯᠠᠨ ᠨᠢᠭᠡ ᠴᠤᠭᠴᠠᠵᠢᠭᠤᠯᠤᠨ ᠠᠬᠢᠭᠤᠯᠬᠤ︾ ᠵᠢᠴᠢ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠤᠬᠠᠭᠤᠯᠭ᠎ᠠ ᠶᠢᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/5/26
     ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠤᠷᠢᠶᠠᠯᠠᠭ᠎ᠠ ᠶᠢᠨ ᠲᠤᠤᠷ᠎ᠠ᠂2022 ᠤᠨ ᠤ5 ᠰᠠᠷ᠎ᠠ  ᠶᠢᠨ23 ᠤ ᠦᠳᠡ ᠶᠢᠨ ᠡᠮᠦᠨ᠎ᠡ ᠬᠡᠥᠬᠡᠨ ᠠᠭᠤᠯᠠ ᠨᠡᠶᠢᠭᠡᠮ ᠲᠤᠭᠤᠷᠢᠭ ᠤᠨ ᠬᠦᠳᠡᠯᠭᠡᠭᠡᠨ ᠤ ᠲᠠᠯᠠᠪᠤᠷ ᠲᠤ ᠮᠠᠨ ᠤ ᠬᠤᠰᠢᠭᠤᠨ ᠤ ᠲᠦᠷᠪᠡᠨ ᠲᠦᠪ ᠬᠠᠮᠳᠤᠪᠠᠷ ᠬᠦᠳᠦᠯᠦᠯᠴᠡᠵᠦ᠂ ᠵᠠᠮ ᠬᠠᠷᠢᠯᠴᠠᠭᠠᠨ ᠤ ᠶᠡᠭᠡ ᠠᠩᠭᠢ᠂ ᠬᠠᠥᠯᠢ ᠴᠠᠭᠠᠵᠠ ᠶᠢᠨ ᠲᠤᠪᠴᠢᠶ᠎ᠠ ᠵᠡᠷᠭᠡ ᠪᠠᠶᠢᠭᠤᠯᠭ᠎ᠠ ᠨᠢᠭᠡᠴᠡ ᠲᠠᠢ ᠬᠠᠮᠳᠤᠷᠠᠯᠴᠠᠨ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ  ᠶᠠᠪᠤᠭᠳᠠᠭᠤᠯᠤᠭᠰᠠᠨ ᠪᠠᠶᠢᠨ᠎ᠠ᠃
     ᠲᠤᠰ ᠤᠳᠠᠭᠠᠨ ᠤ ᠬᠦᠳᠡᠯᠭᠡᠭᠡᠨ ᠳᠤ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠤᠷᠢᠶᠠᠯᠠᠭ᠎ᠠ ᠶᠢᠨ ᠪᠢᠴᠢᠭ ᠲᠠᠷᠬᠠᠭᠠᠬᠤ᠂ ᠬᠠᠥᠯᠢ ᠴᠠᠭᠠᠵᠠ ᠶᠢᠨ ᠲᠠᠶᠢᠯᠤᠮᠵᠢ ᠬᠠᠩᠭᠠᠬᠤ᠂ ᠴᠠᠬᠢᠯᠭᠠᠨ ᠲᠤᠭᠤᠢ ᠳᠤ ᠦᠨ᠎ᠡ ᠲᠦᠯᠦᠪᠦᠷᠢ ᠦᠭᠡᠢ ᠪᠠᠷ ᠫᠠᠶᠢᠰᠠ ᠤᠭᠰᠠᠷᠴᠦ ᠦᠭᠬᠦ ᠵᠡᠷᠭᠡ ᠠᠵᠢᠯᠯᠠᠭ᠎ᠠ ᠶᠠᠪᠤᠭᠳᠠᠭᠤᠯᠵᠦ᠂ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠳᠤ ᠬᠦᠮᠦᠨ ᠨᠢᠭᠡᠪᠦᠷᠢ ᠶᠢᠨ ᠪᠤᠯᠪᠠᠰᠤᠨ ᠦᠢᠯᠡ ᠠᠵᠢᠯᠯᠠᠭ᠎ᠠ ᠬᠡᠷᠡᠭᠳᠡᠢ ᠭᠡᠳᠡᠭ ᠢ ᠦᠷᠭᠡᠨ ᠤᠯᠠᠨ ᠰᠠᠭᠤᠭᠠᠯᠢ ᠠᠷᠠᠳ ᠲᠤ ᠰᠠᠨᠠᠭᠤᠯᠤᠨ᠂ ᠬᠠᠮᠳᠤᠪᠠᠷ ᠬᠦᠳᠡᠯᠢᠯᠴᠡᠵᠦ᠂ ᠦᠪᠡᠷ ᠠᠴᠠ ᠪᠠᠨ ᠡᠬᠢᠯᠡᠨ᠂ ᠤᠳᠤ  ᠠᠴᠠ ᠡᠬᠢᠯᠡᠵᠦ ᠪᠤᠯᠪᠠᠰᠤᠨ ᠬᠤᠳᠠ ᠶᠢᠨ ᠪᠦᠳᠦᠭᠡᠨ ᠪᠠᠶᠢᠭᠤᠯᠤᠯᠳᠠ ᠳᠤ ᠬᠦᠴᠦᠨ ᠴᠢᠳᠠᠯ ᠢᠶᠠᠨ ᠡᠷᠭᠦᠵᠦ᠂ ᠪᠤᠯᠪᠠᠰᠤᠨ ᠶᠤᠰᠤᠷᠬᠠᠭ ᠬᠤᠳᠠ ᠶᠢᠨ ᠠᠷᠠᠳ ᠪᠤᠯᠬᠤ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号