5 ᠰᠠᠷ᠎ᠠ ᠶᠢᠨ25 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠢᠴᠠᠭᠠᠬᠤ ᠬᠤᠷᠢᠶᠠᠨ | ᠤ ᠣᠯᠣᠰ ᠲᠦᠷᠦ ᠶᠢᠨ ᠬᠡᠯᠳᠡᠰ ᠤᠨ ᠲᠡᠳ᠋ ᠵᠠᠬᠢᠷᠤᠯ ᠯᠢᠦᠢ ᠰᠢᠦᠸᠠᠢ ᠵᠢᠥᠸᠠᠨ ᠪᠠᠳᠤᠬᠠᠭᠠᠯᠭ᠎ᠠ ᠶᠢᠨ ᠬᠤᠶᠠᠳᠤᠭᠠᠷ | ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠰᠤᠷᠤᠭᠴᠢᠳ ᠲᠤ ︽ᠢᠷᠭᠡᠨ ᠤ ᠬᠠᠥᠯᠢ ᠶᠢᠨ ᠪᠢᠴᠢᠭ ᠢ | ᠰᠤᠷᠭᠠᠭᠤᠯᠢ ᠶᠢᠨ ᠬᠦᠷᠢᠶᠡᠨ ᠳᠤ ᠰᠤᠷᠳᠠᠯᠴᠢᠯᠠᠵᠦ᠂ ᠬᠠᠥᠯᠢ ᠴᠠᠭᠠᠵᠠ ᠪᠠᠷ ᠨᠠᠰᠤᠨ ᠳᠤ ᠦᠯᠦ ᠬᠦᠷᠦᠭᠰᠡᠳ ᠢ | ᠬᠠᠮᠠᠭᠠᠯᠠᠬᠤ︾ ᠭᠤᠤᠯ ᠰᠡᠳᠦᠪᠳᠦ ᠬᠠᠥᠯᠢ ᠴᠠᠭᠠᠵᠠ ᠶᠢᠨ ᠮᠡᠳᠡᠯᠭᠡ ᠶᠢᠨ ᠬᠢᠴᠢᠶᠡᠯ ᠤᠷᠤᠭᠰᠠᠨ ᠪᠠᠶᠢᠨ᠎ᠠ᠃ | | ᠬᠢᠴᠢᠶᠡᠯ ᠢ ᠢᠷᠭᠡᠨ ᠤ ᠬᠠᠥᠯᠢ ᠶᠢᠨ ᠪᠢᠴᠢᠭ ᠤᠨ ᠤᠬᠠᠭᠠᠨᠳᠠᠨ᠂ ᠨᠠᠰᠤᠨ ᠳᠤ ᠦᠯᠦ ᠬᠦᠷᠦᠭᠰᠡᠳ ᠤᠨ | ᠬᠠᠥᠯᠢ᠂ ᠢᠷᠭᠡᠨ ᠤ ᠬᠠᠥᠯᠢ ᠶᠢᠨ ᠪᠢᠴᠢᠭ ᠬᠦᠮᠦᠨ ᠤ ᠨᠢᠭᠡ ᠨᠠᠰᠤ ᠶᠢ ᠬᠡᠷᠬᠢᠨ ᠬᠠᠮᠠᠭᠠᠯᠠᠳᠠᠭ ᠲᠤᠬᠠᠢ ᠭᠤᠷᠪᠠᠨ | ᠠᠭᠤᠯᠭ᠎ᠠ ᠪᠠᠷ ᠲᠠᠶᠢᠯᠪᠤᠷᠢᠯᠠᠵᠦ᠂ ᠲᠠᠷᠠᠭ᠎ᠠ ᠨᠢ ᠰᠤᠷᠤᠭᠴᠢᠳ ᠠᠴᠠ20 ᠨᠠᠰᠤᠨ ᠳᠤ ᠦᠯᠦ ᠬᠦᠷᠦᠭᠰᠡᠳ ᠤᠨ | ᠬᠠᠥᠯᠢ ᠴᠠᠭᠠᠵᠠ ᠶᠢᠨ ᠮᠡᠳᠡᠯᠭᠡ ᠶᠢᠨ ᠲᠤᠬᠠᠢ ᠠᠰᠠᠭᠤᠯᠳᠠ ᠠᠰᠠᠭᠤᠵᠦ ᠰᠤᠷᠤᠭᠴᠢᠳ ᠢᠳᠡᠪᠬᠢᠳᠡᠢ ᠤᠷᠤᠯᠴᠠᠭᠰᠠᠨ | ᠠᠴᠠ ᠬᠦᠮᠦᠨ ᠪᠤᠯᠭᠠᠨ ᠲᠤᠷᠠᠰᠬᠠᠯ ᠤᠨ ᠪᠡᠯᠡᠭ ᠬᠦᠷᠳᠡᠭᠰᠡᠨ ᠪᠠᠶᠢᠨ᠎ᠠ᠃ | | ᠲᠤᠰ ᠣᠳᠠᠭᠠᠨ ᠤ ᠪᠠᠶᠢᠴᠠᠭᠠᠬᠤ ᠬᠤᠷᠢᠶᠠᠨ ᠤ ᠰᠤᠷᠭᠠᠭᠤᠯᠢ ᠶᠢᠨ ᠬᠦᠷᠢᠶᠡᠨ ᠳᠤ ᠬᠦᠷᠴᠦ ᠨᠠᠰᠤᠨ ᠳᠤ | ᠦᠯᠦ ᠬᠦᠷᠦᠭᠰᠡᠳ ᠤᠨ ᠬᠠᠥᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠠᠵᠢᠯᠯᠭ᠎ᠠ ᠨᠢ ᠰᠤᠷᠤᠭᠴᠢᠳ | ᠤᠨ ᠬᠠᠥᠯᠢ ᠴᠠᠭᠠᠵᠠ ᠪᠠᠷ ᠦᠪᠡᠷ ᠤᠨ ᠪᠡᠶ᠎ᠡ ᠪᠠᠨ ᠬᠠᠮᠠᠭᠠᠯᠠᠬᠤ ᠪᠠ ᠬᠡᠵᠢᠶᠡᠳᠡ ᠬᠠᠥᠯᠢ ᠲᠦᠷᠢᠮ ᠢ ᠰᠠᠬᠢᠨ | ᠬᠠᠮᠠᠭᠠᠯᠠᠬᠤ ᠤᠬᠠᠮᠰᠠᠷ ᠢ ᠨᠢ ᠲᠡᠭᠡᠭᠰᠢᠯᠡᠭᠦᠯᠬᠦ ᠠᠰᠢᠭ ᠲᠤᠰᠠ ᠲᠠᠢ ᠶᠤᠮ᠃ | | | | | | | | |