ᠵᠢᠪᠬᠤᠯᠠᠩᠳᠦ ᠭᠠᠴᠠᠭ᠎ᠠ ᠪᠤᠯᠪᠠᠰᠤᠨ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠶᠢ ᠦᠢᠯᠡᠳᠦᠯᠭᠡᠵᠢᠭᠦᠯᠵᠦ  ᠪᠤᠢ
ᠨᠡᠶᠢᠲᠡᠯᠡᠭᠰᠡᠨ ᠴᠠᠭ᠄
2022/5/31
      ᠪᠠᠶ᠋ᠬᠠᠬᠤᠸᠠ ᠪᠠᠯᠭᠠᠰᠤᠨ ᠤ ᠵᠢᠪᠬᠤᠯᠠᠩᠳᠦ ᠭᠠᠴᠠᠭ᠎ᠠ ᠮᠠᠯᠴᠢᠨ ᠲᠦᠮᠡᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠨᠡᠩ ᠴᠡᠪᠡᠷ ᠴᠡᠮᠴᠡᠭᠡᠷ ᠪᠠᠶᠢᠯᠠᠭᠠᠵᠦ ᠲᠡᠳᠡᠨ ᠤ ᠠᠮᠢᠳᠤᠷᠠᠯ ᠤᠨ ᠯᠤᠯ ᠵᠢᠷᠭᠠᠯᠳᠤ ᠬᠦᠷᠳᠡᠮᠵᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ ᠲᠦᠯᠦᠭᠡ᠂5 ᠰᠠᠷ᠎ᠠ ᠶᠢᠨ28 ᠤ ᠡᠳᠦᠷ ᠵᠢᠪᠬᠤᠯᠠᠩᠳᠦ ᠭᠠᠴᠠᠭᠠᠨ ᠤ ᠨᠠᠮ ᠤᠨ ᠡᠭᠦᠷ ︽ᠭᠠᠷ ᠬᠤᠯᠪᠤᠴᠠᠨ ᠭᠡᠷ ᠤᠷᠤᠨ ᠢᠶᠠᠨ ᠴᠡᠪᠡᠷᠯᠡᠵᠦ᠂ ᠪᠤᠯᠪᠠᠰᠤᠨ ᠬᠦᠳᠡᠭᠡ ᠲᠤᠰᠬᠤᠨ ᠢ ᠬᠠᠮᠳᠤᠪᠠᠷ ᠪᠠᠶᠢᠭᠤᠯᠤᠶ᠎ᠠ︾ ᠬᠡᠬᠦ ᠭᠤᠤᠯ ᠰᠡᠳᠦᠪᠳᠦ ᠨᠠᠮ ᠤᠨ ᠡᠳᠦᠷ ᠤᠨ ᠠᠵᠢᠯᠯᠠᠭ᠎ᠠ ᠵᠢᠴᠢ ᠮᠠᠯᠵᠢᠬᠤ ᠤᠷᠤᠨ ᠤ ᠣᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠦᠷᠨᠢᠭᠦᠯᠵᠡᠢ᠃  
      ᠬᠦᠳᠡᠯᠭᠡᠭᠡᠨ ᠳᠤ26 ᠨᠠᠮ ᠤᠨ ᠬᠡᠰᠢᠭᠦᠨ᠂39 ᠮᠠᠯᠴᠢᠨ ᠠᠷᠠᠳ ᠢ ᠵᠤᠬᠢᠶᠠᠨ ᠪᠠᠶᠢᠭᠤᠯᠤᠨ ᠢᠵᠡᠰᠭᠦᠯᠡᠩᠳᠦ ᠰᠠᠶᠢᠠᠬᠨ ᠭᠡᠷ ᠤᠷᠤᠨ ᠢᠶᠠᠨ ᠠᠷᠢᠭᠤᠨ ᠴᠡᠪᠡᠷ ᠪᠠᠶᠢᠯᠠᠭᠠᠬᠤ ᠠᠵᠢᠯᠯᠠᠭ᠎ᠠ ᠳᠤ ᠤᠷᠤᠯᠴᠠᠭᠤᠯᠵᠦ᠂ ᠪᠠᠯᠭᠠᠰᠤᠨ ᠤ ᠵᠡᠭᠡᠯᠢ ᠪᠠ ᠵᠠᠮ ᠤᠨ ᠬᠠᠵᠠᠭᠤ ᠳᠠᠬᠢ ᠰᠦᠯᠢᠶᠤᠤ ᠣᠭᠤᠳᠠ ᠵᠡᠷᠭᠡ ᠴᠠᠭᠠᠨ ᠦᠩᠭᠡ ᠲᠠᠢ ᠬᠤᠭ ᠨᠤᠪᠰᠢ ᠵᠢᠴᠢ ᠮᠠᠯ ᠵᠢᠭᠦᠷᠳᠡᠨ ᠤ ᠬᠤᠭ ᠪᠠᠭᠠᠰᠤ ᠶᠢ ᠴᠡᠪᠡᠷᠯᠡᠨ ᠠᠷᠢᠯᠭᠠᠵᠦ᠂ ᠲᠤᠷ᠎ᠠ ᠪᠠᠷ ᠢᠶᠠᠨ ᠪᠤᠰᠬᠠᠭᠰᠠᠨ ᠪᠠᠷᠢᠯᠭ᠎ᠠ ᠶᠢ ᠨᠤᠷᠭᠠᠵᠦ ᠴᠡᠪᠡᠷᠯᠡᠨ᠂ ᠭᠠᠴᠠᠭᠠᠨ ᠤ ᠮᠠᠯᠴᠢᠨ ᠤᠯᠠᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠪᠡᠷ ᠲᠤᠬᠢᠯᠢᠭ ᠪᠤᠯᠭᠠᠵᠦ᠂ ᠬᠦᠮᠦᠰ ᠤᠨ ᠵᠤᠯ ᠵᠢᠷᠭᠠᠯᠳᠦ ᠬᠦᠷᠳᠡᠮᠵᠢ ᠶᠢ ᠲᠡᠭᠡᠭᠰᠢᠯᠡᠭᠦᠯᠦᠨ ᠪᠤᠯᠪᠠᠰᠤᠨ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢ ᠦᠢᠯᠡᠳᠦᠯᠭᠡᠵᠢᠭᠦᠯᠦᠭᠰᠡᠨ ᠪᠠᠶᠢᠨ᠎ᠠ᠃
微信图片_20220531143616.jpg
     
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号