︽ᠲᠡᠭᠦᠰ ᠴᠠᠢ ᠶᠢᠨ ᠲᠡᠯᠭᠡᠭᠦᠷ︾ ᠡᠭᠦᠳᠡ ᠪᠠᠨ ᠨᠡᠭᠡᠭᠡᠯ᠎ᠡ
ᠨᠡᠶᠢᠲᠡᠯᠡᠭᠰᠡᠨ ᠴᠠᠭ᠄
2022/5/31
      5 ᠰᠠᠷ᠎ᠠ ᠶᠢᠨ17 ᠤ ᠡᠳᠦᠷ ᠵᠢᠩᠭᠢᠨᠢ ᠪᠠᠷ ᠡᠵᠡᠩᠨᠡᠯᠳᠡ ᠪᠠᠨ ᠡᠬᠢᠯᠡᠭᠰᠡᠨ ᠪᠠᠳᠤᠬᠠᠭᠠᠯᠭ᠎ᠠ ᠪᠠᠯᠭᠠᠰᠤᠨ ᠤ ᠪᠠᠷᠠᠭᠤᠨ ᠶᠠᠪᠠᠭᠠᠨ ᠵᠡᠭᠡᠯᠢ ᠶᠢᠨ ︽ᠲᠡᠭᠦᠰ ᠴᠠᠢ ᠶᠢᠨ ᠲᠡᠯᠭᠡᠭᠦ︾ ᠢ ︽ᠮᠤᠩᠭᠤᠯ ᠬᠤᠳᠠ︾ ᠲᠡᠯᠭᠡᠭᠦᠷ ᠤᠨ ᠡᠵᠡᠩᠨᠡᠭᠴᠢ ᠤᠷᠠᠨ᠎ᠠ ᠬᠤᠶᠠᠷ ᠨᠠᠶᠢᠵᠠ ᠲᠠᠢ ᠪᠠᠨ ᠬᠠᠮᠳᠤᠷᠠᠨ ᠡᠷᠬᠢᠯᠡᠵᠦ ᠪᠠᠶᠢᠭ᠎ᠠ ᠶᠤᠮ᠃
微信图片_20220531143746.jpg
       ︽  ᠲᠡᠭᠦᠰ ᠴᠠᠢ ᠶᠢᠨ ᠲᠡᠯᠭᠡᠭᠦᠷ︾ ᠨᠢ ᠭᠤᠤᠯᠳᠠᠭᠤ ᠲᠡᠭᠦᠰ ᠴᠠᠢ᠂ ᠰᠡᠩᠭᠦᠷ ᠴᠠᠢ᠂ ᠰᠦ ᠲᠠᠢ ᠴᠠᠢ᠂ ᠡᠯ᠎ᠡ ᠵᠦᠢᠯ ᠤᠨ ᠬᠠᠯᠠᠭᠤᠨ ᠬᠦᠢᠳᠡᠨ ᠤᠮᠳᠠᠭᠠᠨ᠂ ᠰᠤᠯᠠ ᠢᠳᠡᠭᠡᠨ᠂ ᠲᠤᠰᠤᠨ ᠳᠤ ᠬᠠᠭᠠᠷᠢᠭᠰᠠᠨ ᠢᠳᠡᠭᠡᠨ ᠵᠡᠷᠭᠡ ᠶᠢ ᠪᠤᠷᠤᠯᠠᠭᠤᠯᠵᠦ ᠪᠠᠶᠢᠳᠠᠭ᠂ ᠲᠡᠳᠡ ᠬᠡᠳᠦᠭᠦᠯᠡ ᠲᠡᠯᠭᠡᠭᠦᠷ ᠤᠨ ᠢᠶᠠᠨ ᠵᠠᠰᠠᠯ ᠴᠢᠮᠡᠭᠯᠡᠯ᠂ ᠮᠠᠰᠢᠨ ᠲᠦᠭᠦᠭᠡᠷᠦᠮᠵᠢ᠂ ᠢᠳᠡᠭᠡᠨ ᠤᠮᠳᠠᠭᠠᠨ ᠦᠢᠯᠡᠳᠬᠦ᠂ ᠡᠳᠦᠷ ᠲᠤᠳᠤᠮ ᠤᠨ ᠡᠷᠡᠭᠦᠯ ᠬᠠᠮᠠᠭᠠᠯᠠᠯ᠂ ᠲᠡᠯᠭᠡᠭᠦᠷ ᠤᠨ ᠬᠠᠮᠢᠶᠠᠷᠤᠯᠳᠠ ᠵᠡᠷᠭᠡ ᠡᠯ᠎ᠡ ᠲᠦᠷᠦᠯ ᠤᠨ ᠠᠵᠢᠯ ᠢ ᠦᠪᠡᠷ ᠤᠨ ᠪᠡᠶ᠎ᠡ ᠪᠠᠷ ᠢᠶᠠᠨ ᠲᠠᠭᠠᠭᠠᠴᠢᠯᠠᠨ‌‍ᠰᠢᠰᠲ᠋ᠧᠮ ᠲᠠᠢ ᠰᠠᠶᠢᠳᠤᠷ ᠬᠢᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠳᠤᠯᠠᠭ᠎ᠠ ᠶᠢᠨ ᠠᠵᠢᠯ ᠢ ᠤᠨᠴᠠᠭᠠᠶᠢᠯᠠᠨ ᠴᠢᠬᠤᠯᠠᠴᠢᠯᠠᠵᠦ᠂ ᠤᠯᠠᠨ ᠲᠦᠮᠡᠨ ᠳᠤ ᠰᠡᠳᠬᠢᠯ ᠲᠡᠨᠢᠭᠦᠨ ᠵᠤᠭᠤᠭᠳᠠᠨ ᠰᠠᠭᠤᠬᠤ ᠰᠤᠯᠠ ᠰᠡᠯᠡᠬᠦᠦ᠂ ᠨᠠᠮ ᠵᠢᠮ᠂ ᠲᠠᠭᠠᠯᠠᠮᠵᠢᠳᠡᠢ ᠰᠠᠶᠢᠬᠠᠨ ᠤᠷᠴᠢᠨ ᠢ ᠬᠠᠩᠭᠠᠵᠦ ᠪᠤᠢ᠃
微信图片_20220531143749.jpg
       ᠤᠷᠠᠨ᠎ᠠ ᠬᠤᠶᠠᠷ ᠨᠠᠶᠢᠵᠠ ᠲᠠᠢ ᠪᠠᠨ ᠬᠠᠮᠳᠦ ᠦᠷᠭᠦᠯᠵᠢᠯᠡᠨ ᠨᠠᠷᠢᠨ ᠴᠢᠷᠮᠠᠶᠢᠨ ᠠᠵᠢᠯᠯᠠᠵᠦ᠂ ᠤᠯᠠᠨ ᠲᠦᠮᠡᠨ  ᠳᠤ ᠴᠢᠨᠠᠷ ᠴᠢᠨᠰᠠᠭ᠎ᠠ ᠰᠠᠶᠢᠨ᠂ ᠰᠢᠨ᠎ᠡ ᠰᠤᠷᠭᠤᠭ᠂ ᠤᠯᠠᠨ ᠰᠠᠶᠢᠬᠠᠨ ᠠᠮᠳᠠᠳᠦ ᠢᠳᠡᠭᠡᠨ ᠤᠮᠳᠠᠭᠠᠨ ᠢ ᠬᠠᠶᠢᠨ ᠰᠦᠪᠡᠭᠴᠢᠯᠡᠨ᠎ᠡ ᠬᠡᠵᠦ ᠪᠠᠶᠢᠯ᠎ᠠ᠃
微信图片_20220531143756.jpg
微信图片_20220531143756.jpg
    
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号