ᠠᠩᠬᠠᠷ︕ ᠮᠠᠨ ᠤ  ᠬᠤᠰᠢᠭᠤᠨ ᠳᠤ ᠶᠡᠭᠡ ᠰᠠᠯᠬᠢᠨ ᠲᠠᠢ
ᠨᠡᠶᠢᠲᠡᠯᠡᠭᠰᠡᠨ ᠴᠠᠭ᠄
2022/5/6
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭ ᠠᠭᠤᠷ ᠤᠨ ᠦᠷᠳᠡᠭᠡ2022 ᠤᠨ ᠤ5 ᠰᠠᠷ᠎ᠠ  ᠶᠢᠨ5 ᠤ ᠡᠳᠦᠷ ᠤᠨ11 ᠴᠠᠭ20 ᠮᠢᠨᠦ᠋ᠲ ᠲᠤ ᠶᠡᠭᠡ ᠰᠠᠯᠬᠢᠨ ᠤ ᠬᠦᠬᠡ ᠦᠩᠭᠡ ᠶᠢᠨ ᠰᠡᠷᠡᠮᠵᠢ ᠶᠢᠨ ᠲᠤᠬᠢᠶ᠎ᠠ  ᠶᠢ ᠨᠡᠶᠢᠳᠡᠯᠡᠪᠡ᠄      24 ᠴᠠᠭ ᠤᠨ ᠲᠤᠳᠤᠷ᠎ᠠ ᠮᠠᠨ ᠤ ᠬᠤᠰᠢᠭᠤᠨ ᠤ ᠰᠢᠶᠤᠤ ᠸᠧᠨ ᠬᠦᠩ ᠰᠢᠶᠠᠩ᠂ ᠰᠢᠷᠠᠮᠦ᠋ᠷᠡᠨ ᠪᠠᠯᠭᠠᠰᠤ᠂ ᠦᠬᠡᠷᠬᠤᠳᠳᠤᠭ ᠪᠠᠯᠭᠠᠰᠤ᠂ ᠰᠢᠪᠡᠷᠬᠦ᠋ᠷᠢᠶ᠎ᠡ ᠪᠠᠯᠭᠠᠰᠤ᠂ ᠰᠢ ᠾᠧ ᠰᠢᠶᠠᠩ᠂ ᠪᠠᠳᠤᠬᠠᠭᠠᠯᠭ᠎ᠠ ᠪᠠᠯᠭᠠᠰᠤ᠂ ᠮᠢᠩᠭᠠᠨ ᠪᠠᠯᠭᠠᠰᠤ᠂ ᠪᠠᠶ᠋ᠬᠠᠤᠪᠤᠭ᠎ᠠ ᠰᠤᠮᠤ᠂ ᠲᠠᠷᠬᠠᠨ ᠰᠤᠮᠤ᠂ ᠮᠠᠨᠳᠤᠯ ᠪᠠᠯᠭᠠᠰᠤ᠂ ᠪᠠᠶ᠋ᠬᠠᠤᠸᠠ ᠪᠠᠯᠭᠠᠰᠤ᠂ ᠴᠠᠭᠠᠨᠬᠠᠳᠠ ᠰᠤᠮᠤ ᠶᠡᠭᠡ ᠰᠠᠯᠬᠢᠨ ᠤ ᠨᠦᠯᠦᠭᠡ ᠶᠢ ᠬᠦᠷᠳᠡᠬᠦ ᠪᠤᠯᠤᠮᠵᠢ ᠲᠠᠢ ᠪᠠᠶᠢᠵᠦ᠂ ᠰᠠᠯᠬᠢᠨ ᠤ ᠲᠤᠮᠳᠠᠴᠢ ᠬᠦᠴᠦ6 ᠲᠡᠰ  ᠠᠴᠠ ᠲᠡᠭᠡᠭᠰᠢ᠂ ᠤᠬᠤᠷ ᠬᠤᠭᠤᠴᠠᠭᠠᠨ ᠳᠤ7 ᠲᠡᠰ ᠢ ᠲᠠᠪᠠᠵᠦ᠂ ᠡᠯᠡᠰᠦᠨ ᠰᠢᠭᠤᠷᠭ᠎ᠠ ᠲᠡᠭᠳᠡᠨ᠎ᠡ᠃ ᠬᠤᠯᠪᠤᠭᠳᠠᠯ ᠪᠦᠬᠦᠢ  ᠨᠢᠭᠡᠴᠡ ᠪᠤᠯᠤᠨ ᠬᠦᠮᠦᠰ ᠰᠡᠷᠭᠡᠶᠢᠯᠡᠬᠦ ᠪᠡᠯᠡᠳᠭᠡᠯ ᠢᠶᠠᠨ ᠰᠠᠶᠢᠳᠤᠷ ᠬᠢᠬᠦ ᠶᠢ ᠬᠦᠰᠡᠵᠦ ᠪᠠᠶᠢᠨ᠎ᠠ᠃
     ᠰᠡᠷᠭᠡᠶᠢᠯᠡᠯᠳᠡ ᠶᠢᠨ ᠵᠦᠭᠯᠡᠭᠦᠷ᠄      1. ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ  ᠮᠦᠴᠢᠷ ᠡᠭᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ ᠶᠡᠭᠡ ᠰᠠᠯᠬᠢ ᠶᠢ ᠰᠡᠷᠭᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠳᠡᠢ᠃      2. ᠡᠭᠦᠳᠡ ᠴᠤᠩᠬᠤ ᠪᠠᠨ ᠰᠠᠶᠢᠳᠤᠷ ᠬᠠᠭᠠᠵᠦ᠂ ᠬᠦᠷᠢᠶ᠎ᠡ ᠬᠠᠪᠳᠠᠰᠦ᠂  ᠰᠠᠷᠠᠪᠴᠢ ᠶᠢᠨ ᠵᠢᠶᠠᠰᠠ᠂ ᠵᠠᠷ  ᠤᠨ ᠫᠠᠶᠢᠰᠠ ᠵᠡᠷᠭᠡ ᠰᠠᠯᠬᠢᠨ ᠳᠤ ᠠᠮᠠᠷᠬᠠᠨ ᠦᠯᠢᠶᠡᠭᠳᠡᠬᠦ ᠪᠠᠷᠢᠯᠭ᠎ᠠ ᠶᠢᠨ ᠡᠳ᠋ ᠢ ᠪᠠᠬᠢᠯᠡᠨ᠂ ᠶᠡᠭᠡ ᠰᠠᠯᠬᠢᠨ ᠤ ᠨᠦᠯᠦᠭᠡ ᠶᠢ  ᠠᠮᠠᠷᠬᠠᠨ ᠬᠦᠷᠳᠡᠬᠦ ᠭᠡᠷ ᠤᠨ ᠭᠠᠳᠠᠨᠠᠬᠢ ᠡᠳ᠋ ᠪᠤᠳᠠᠰ   ᠢᠶᠠᠨ  ᠬᠠᠮᠠᠭᠠᠯᠠᠬᠤ ᠶᠢ ᠠᠩᠬᠠᠷᠤᠭᠠᠷᠠᠢ︕      3. ᠲᠤᠭᠤᠢ ᠲᠡᠷᠭᠡ ᠲᠤᠳᠠᠭᠤ ᠤᠨᠤᠬᠤ ᠶᠢ ᠠᠩᠬᠠᠷᠴᠦ᠂ ᠰᠠᠯᠬᠢ ᠰᠠᠯᠬᠢᠯᠠᠵᠦ ᠪᠠᠶᠢᠬᠤ ᠦᠶᠡᠰ ᠵᠠᠷ ᠤᠨ ᠫᠠᠶᠢᠰᠠ᠂ ᠲᠦᠷ ᠴᠠᠭ ᠤᠨ ᠪᠠᠷᠢᠮᠠᠯ ᠡᠳ᠋ ᠵᠡᠷᠭᠡ ᠶᠢᠨ ᠲᠤᠤᠷ᠎ᠠ ᠤᠳᠠᠭᠠᠨ ᠴᠠᠭ ᠵᠤᠭᠰᠤᠵᠦ ᠪᠤᠯᠬᠤ ᠦᠭᠡᠢ᠃      4. ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠡ ᠨᠦᠭᠦᠳ ᠤᠢ ᠰᠢᠭᠤᠢ᠂ ᠨᠤᠳᠤᠭ ᠪᠡᠯᠴᠢᠭᠡᠷ  ᠤᠨ ᠭᠠᠯ ᠤᠨ ᠠᠶᠤᠯ ᠢ ᠰᠡᠷᠭᠡᠶᠢᠯᠡᠬᠦ ᠶᠢ ᠠᠩᠬᠠᠷᠬᠤ ᠬᠡᠷᠡᠭᠳᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号