ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠳᠠ ᠶᠢᠨ ᠦᠨ᠎ᠡ ᠪᠠ ᠵᠠᠷᠤᠳᠠᠯ ᠢ ᠲᠤᠬᠢᠷᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/5/8
     5 ᠰᠠᠷ᠎ᠠ ᠶᠢᠨ9 ᠤ ᠡᠳᠦᠷ ᠠᠴᠠ ᠡᠬᠢᠯᠡᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠨᠡᠯᠭᠡ  ᠶᠢᠨ ᠬᠤᠷᠢᠶᠠᠨ ᠤ ᠪᠦᠭᠡᠮ ᠬᠦᠴᠢᠯ ᠤᠨ ᠪᠠᠶᠢᠴᠠᠭᠠᠯᠳᠠ ᠶᠢᠨ ᠵᠠᠷᠤᠳᠠᠯ ᠳᠤ ᠲᠤᠤᠷᠠᠬᠢ ᠮᠡᠳᠦ ᠲᠤᠬᠢᠷᠠᠭᠤᠯᠤᠯᠳᠠ ᠬᠢᠪᠡ᠄      1. ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠳᠠ ᠬᠢᠯᠭᠡᠬᠦ ︽ᠪᠤᠭᠤᠳᠦ ᠬᠤᠳᠠ ᠶᠢᠨ ᠡᠷᠡᠭᠦᠯ ᠮᠡᠨᠳᠦ365︾ ᠨᠡᠶᠢᠳᠡ ᠶᠢᠨ ᠳ᠋ᠤᠭᠠᠷ ᠢᠶᠠᠷ ᠲᠠᠮᠵᠢᠭᠤᠯᠤᠨ ᠰᠦᠯᠵᠢᠶᠡᠨ ᠲᠡᠭᠡᠷ᠎ᠡ ᠤᠷᠢᠳᠴᠢᠯᠠᠨ ᠪᠤᠯᠵᠤᠵᠦ ᠰᠦᠢᠳᠭᠡᠯ ᠲᠤᠰᠢᠶᠠᠬᠤ ᠪᠤᠶᠤ ᠲᠠᠬᠠᠢ ᠶᠢᠨ ᠲᠠᠯᠠᠪᠤᠷ ᠲᠤ ᠰᠦᠢᠳᠭᠡᠯ ᠲᠤᠰᠢᠶᠠᠵᠦ ᠪᠤᠯᠤᠨ᠎ᠠ᠃      2. ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠳᠠ ᠶᠢᠨ1 ᠬᠦᠮᠦᠨ1 ᠤᠳᠠᠭ᠎ᠠ ᠠᠰᠳᠠᠭᠠᠨ ᠰᠢᠯᠭᠠᠨ ᠪᠠᠶᠢᠴᠠᠭᠠᠬᠤ ᠲᠦᠷᠦᠯ ᠵᠦᠢᠯ ᠤᠨ ᠦᠨ᠎ᠡ ᠬᠠᠩᠰᠢ ᠶᠢ19.7 ᠲᠦᠭᠦᠷᠢᠭ ︵ᠬᠦᠮᠦᠨ ᠤᠳᠠᠭ᠎ᠠ︶ ᠪᠤᠯᠭᠠᠨ ᠲᠤᠬᠢᠷᠠᠭᠤᠯᠵᠦ᠂ ᠰᠦᠢᠳᠬᠡᠯ ᠬᠤᠷᠢᠶᠠᠬᠤ ᠪᠠᠷᠢᠮᠵᠢᠶ᠎ᠠ ᠳᠤ ᠬᠠᠮᠢᠶ᠎ᠠ ᠪᠦᠬᠦᠢ ᠵᠠᠷᠤᠳᠠᠯ ᠤᠨ ᠰᠦᠢᠳᠭᠡᠯ ᠬᠠᠮᠤᠷᠤᠭᠳᠠᠨ᠎ᠠ᠃      3. ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠦᠭᠡᠮ ᠬᠦᠴᠢᠯ ᠤᠨ10 ᠬᠦᠮᠦᠨ ᠢ ᠬᠠᠮᠳᠤᠷᠠᠭᠤᠯᠵᠦ1 ᠤᠳᠠᠭ᠎ᠠ ᠰᠢᠯᠭᠠᠨ ᠪᠠᠶᠢᠴᠠᠭᠠᠬᠤ ᠲᠦᠷᠦᠯ ᠵᠦᠢᠯ ᠤᠨ ᠦᠨ᠎ᠡ ᠬᠠᠩᠰᠢ ᠶᠢ3.4 ᠲᠦᠭᠦᠷᠢᠭ ︵ᠬᠦᠮᠦᠨ ᠤᠳᠠᠭ᠎ᠠ︶ ᠪᠤᠯᠭᠠᠨ ᠲᠤᠬᠢᠷᠠᠭᠤᠯᠵᠦ᠂ ᠰᠦᠢᠳᠭᠡᠯ ᠬᠤᠷᠢᠶᠠᠬᠤ ᠪᠠᠷᠢᠮᠵᠢᠶ᠎ᠠ ᠳᠤ ᠬᠠᠮᠢᠶ᠎ᠠ ᠪᠦᠬᠦᠢ ᠵᠠᠷᠤᠳᠠᠯ ᠤᠨ ᠰᠦᠢᠳᠭᠡᠯ ᠬᠠᠮᠤᠷᠤᠭᠳᠠᠨ᠎ᠠ᠃      4. ᠡᠭᠦᠨ ᠠᠴᠠ ᠭᠠᠳᠠᠨ᠎ᠠ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠦᠳᠦᠭᠡᠭᠴᠢ  ᠶᠢ ᠰᠢᠯᠭᠠᠨ ᠪᠠᠶᠢᠴᠠᠭᠠᠬᠤ︾ ᠶᠢ ᠨᠡᠮᠡᠵᠦ ᠪᠠᠶᠢᠴᠠᠭᠠᠬᠤ ᠲᠦᠷᠦᠯ ᠵᠦᠢᠯ ᠤᠨ ᠦᠨ᠎ᠡ ᠨᠢ5 ᠲᠦᠭᠦᠷᠢᠭ ︵ᠬᠦᠮᠦᠨ ᠤᠳᠠᠭ᠎ᠠ︶ ᠪᠠᠶᠢᠵᠦ᠂ ᠬᠠᠮᠢᠶ᠎ᠠ ᠪᠦᠬᠦᠢ ᠵᠠᠷᠤᠳᠠᠯ ᠤᠨ ᠰᠦᠢᠳᠭᠡᠯ ᠬᠠᠮᠤᠷᠤᠭᠳᠠᠬᠤ ᠦᠭᠡᠢ᠃      ᠪᠦᠭᠡᠮ ᠬᠦᠴᠢᠯ ᠤᠨ ᠦᠯᠢᠭᠡᠷ ᠠᠪᠬᠤ ᠴᠠᠭ᠄ ᠭᠠᠷᠠᠭ ᠪᠦᠷᠢ ᠶᠢᠨ ᠭᠠᠷᠠᠭ ᠤᠨ ᠨᠢᠭᠡᠨ ᠠᠴᠠ ᠭᠠᠷᠠᠭ ᠤᠨ ᠡᠳᠦᠷ ᠪᠤᠯᠳᠠᠯ᠎ᠠ ᠪᠦᠬᠦᠯᠢ24 ᠴᠠᠭ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠰᠦᠯᠵᠢᠶᠡᠨ ᠲᠡᠭᠡᠷ᠎ᠡ ᠤᠷᠢᠳᠴᠢᠯᠠᠨ ᠪᠤᠯᠵᠦᠵᠤ ᠰᠦᠢᠳᠭᠡᠯ ᠲᠤᠰᠢᠶᠠᠬᠤ ᠶᠠᠠᠪᠤᠴᠠ᠄      ︵ᠭᠠᠷ ᠤᠳᠠᠰᠤ ᠪᠠᠷ ᠲᠤᠭᠠᠴᠠᠭ᠎ᠠ ᠬᠢᠭᠰᠡᠨ ᠤ ᠲᠠᠷᠠᠭ᠎ᠠ ᠲᠠᠷᠤᠢ ᠪᠠᠶᠢᠴᠠᠭᠠᠨ ᠰᠢᠯᠭᠠᠵᠦ ᠪᠤᠯᠤᠨ᠎ᠠ᠂ ᠡᠮᠨᠡᠯᠭᠡ  ᠳᠤ ᠤᠷᠤᠵᠦ ᠳ᠋ᠤᠭᠠᠷᠯᠠᠨ ᠰᠦᠢᠳᠭᠡᠯ ᠲᠤᠰᠢᠶᠠᠬᠤ ᠴᠢᠬᠤᠯᠠ ᠦᠭᠡᠢ︶      1. ᠸᠢᠴᠠᠲ ᠤᠨ ᠬᠠᠶᠢᠯᠳᠠ ᠶᠢᠨ ᠵᠢᠵᠢᠭ ᠫᠷᠤᠭ᠍ᠷᠠᠮ ︽ᠪᠤᠭᠤᠳᠦ ᠬᠤᠳᠠ ᠶᠢᠨ ᠡᠷᠡᠭᠦᠯ ᠮᠡᠨᠳᠦ ᠶᠢᠨ ᠦᠢᠯᠡᠴᠢᠯᠡᠭᠡ︾ ᠶᠢ ᠬᠠᠶᠢᠵᠦ᠂ ᠪᠦᠭᠡᠮ ᠬᠦᠴᠢᠯ ᠤᠨ ᠪᠠᠶᠢᠴᠠᠭᠠᠯᠳᠠ ᠳᠤ ᠤᠷᠤᠵᠦ᠂ ᠬᠤᠪᠢ ᠬᠦᠮᠦᠨ ᠤ ᠮᠡᠳᠡᠭᠡ ᠵᠠᠩᠭᠢ ᠪᠠᠨ ᠲᠡᠮᠳᠡᠭᠯᠡᠵᠦ᠂ ᠪᠦᠭᠡᠮ ᠬᠦᠴᠢᠯ ᠤᠨ ᠪᠠᠶᠢᠴᠠᠭᠠᠯᠳᠠ ᠶᠢ ᠲᠠᠬᠢᠨᠳᠠ ᠲᠤᠪᠴᠢᠳᠠᠨ᠎ᠠ᠃      2. ᠡᠮᠨᠡᠯᠭᠡ ᠶᠢᠨ ᠬᠤᠷᠢᠶ᠎ᠠ ᠶᠢᠨ ᠲᠡᠰ ᠢ ᠲᠤᠪᠴᠢᠳᠠᠵᠦ᠂ ᠬᠤᠶᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ  ᠶᠢ ᠰᠤᠩᠭᠤᠵᠦ᠂ ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠨᠡᠯᠭᠡ ᠶᠢᠨ ᠬᠤᠷᠢᠶ᠎ᠠ ᠶᠢ ᠲᠤᠪᠴᠢᠳᠠᠵᠦ᠂ ᠤᠷᠢᠳᠴᠢᠯᠠᠨ ᠪᠤᠯᠵᠤᠬᠤ ᠴᠠᠭ ᠢ ᠰᠤᠩᠭᠤᠵᠦ᠂ ᠲᠠᠷᠤᠢ ᠳᠤᠨᠢ ᠰᠦᠢᠳᠭᠡᠯ ᠲᠤᠰᠢᠶᠠᠬᠤ ᠶᠢ ᠲᠤᠪᠴᠢᠳᠠᠨ ᠰᠦᠢᠳᠭᠡᠯ ᠢᠶᠠᠨ ᠲᠤᠰᠢᠶᠠᠪᠠ᠃ ᠡᠪᠡᠳᠴᠢᠨ ᠡᠮᠨᠡᠭᠦᠯᠦᠭᠴᠢ ᠶᠢ ᠰᠤᠯᠢᠵᠦ ᠲᠤᠪᠴᠢᠳᠠᠨ᠂ ᠪᠤᠰᠤᠳ ᠬᠡᠷᠡᠭᠯᠡᠭᠴᠢ ᠶᠢ ᠴᠦ ᠨᠠᠮᠡᠵᠦ ᠪᠤᠯᠤᠨ᠎ᠠ᠃      3. ᠮᠦᠩᠭᠦ ᠪᠠᠨ ᠲᠤᠰᠢᠶᠠᠭᠰᠠᠨ ᠤ ᠲᠠᠷᠠᠭ᠎ᠠ ᠵᠢᠷᠤᠭ ᠢ ᠨᠢ ᠬᠠᠳᠠᠭᠠᠯᠠᠵᠦ᠂ ᠰᠢᠯᠭᠠᠨ ᠪᠠᠶᠢᠴᠠᠭᠠᠬᠤ ᠦᠶ᠎ᠡ  ᠳᠤ ᠵᠢᠷᠤᠭ ᠢ ᠨᠢ ᠭᠠᠷᠭᠠᠨ ᠦᠵᠡᠭᠦᠯᠪᠡᠯ ᠪᠤᠯᠴᠢᠬᠠᠨ᠎ᠠ᠃
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠨᠡᠯᠭᠡ ᠶᠢᠨ ᠬᠤᠷᠢᠶᠠᠨ ᠤ ᠪᠦᠭᠡᠮ ᠬᠦᠴᠢᠯ ᠤᠨ ᠪᠠᠶᠢᠴᠠᠭᠠᠯᠳᠠ ᠶᠢᠨ ᠺᠤᠳ᠋ ᠰᠢᠷᠪᠢᠬᠦ ᠠᠯᠬᠤᠮ ᠲᠠᠷᠠᠭ᠎ᠠ᠄      1. ᠸᠢᠴᠠᠲ ᠶᠢᠨ ᠨᠡᠶᠢᠳᠡ ᠶᠢᠨ ᠳ᠋ᠤᠭᠠᠷ ᠤᠨ ︽ᠤᠯᠠᠨ ᠨᠡᠶᠢᠳᠡᠮ ᠤᠨ ᠤᠶᠤᠨ ᠤ ᠬᠡᠷᠡᠭᠯᠡᠯᠳᠡ︾ ᠳᠤ ᠠᠩᠬᠠᠷᠣᠯ ᠲᠠᠯᠪᠢᠬᠤ ᠪᠤᠶᠤ ᠰᠢᠭᠤᠳ  ᠺᠤᠳ᠋ ᠰᠢᠷᠪᠢᠵᠦ ᠠᠩᠬᠠᠷᠴᠦ ᠪᠤᠯᠤᠨ᠎ᠠ᠃      2. ᠬᠤᠪᠢ ᠬᠦᠮᠦᠨ   ᠤ ᠲᠦᠪ ᠢ ᠲᠤᠪᠴᠢᠳᠠᠵᠦ᠂ ᠰᠢᠯᠭᠠᠨ ᠪᠠᠶᠢᠴᠠᠭᠠᠬᠤ ᠤᠷᠢᠳᠴᠢᠯᠠᠨ ᠪᠤᠯᠵᠤᠬᠤ ᠶᠢ ᠰᠤᠩᠭᠤᠵᠦ ᠲᠤᠪᠴᠢᠳᠠᠨ᠎ᠠ᠃      3. ᠬᠤᠪᠢ ᠬᠦᠮᠦᠨ ᠤ ᠮᠡᠳᠡᠭᠡ ᠵᠠᠩᠭᠢ ᠪᠠᠨ ᠲᠠᠭᠯᠠᠨ ᠪᠢᠴᠢᠬᠦ ᠶᠢᠨ ᠬᠠᠮᠳᠦ ᠮᠡᠳᠡᠭᠡ ᠵᠠᠩᠭᠢ ᠪᠠᠨ ᠬᠠᠳᠠᠭᠠᠯᠠᠵᠦ᠂ ᠲᠡᠷᠢᠬᠦᠨ ᠨᠢᠭᠤᠷ ᠢ ᠲᠤᠪᠴᠢᠳᠠᠨ᠎ᠠ᠃      4. ᠰᠢᠯᠭᠠᠨ ᠪᠠᠶᠢᠴᠠᠭᠠᠯᠳᠠ ᠶᠢᠨ ᠤᠷᠢᠳᠴᠢᠯᠠᠨ ᠪᠤᠯᠵᠤᠭᠰᠠᠨ ᠢ ᠲᠠᠬᠢᠨᠳᠠ ᠲᠤᠪᠴᠢᠳᠠᠵᠦ᠂ ︽ᠬᠤᠪᠢ ᠬᠦᠮᠦᠨ︾ ᠢ ᠰᠤᠩᠭᠤᠵᠦ᠂ ᠭᠤᠶᠤᠴᠢᠯᠠᠯ ᠢᠶᠠᠨ ᠲᠤᠰᠢᠶᠠᠵᠦ᠂ ᠺᠤᠳ᠋ ᠰᠢᠷᠪᠢᠵᠦ  ᠦᠯᠢᠭᠡᠷ ᠠᠪᠬᠤ ᠲᠠᠷᠤᠪᠴᠢ ᠶᠢ ᠲᠤᠪᠴᠢᠳᠠᠨ᠎ᠠ᠃
     ᠮᠡᠳᠡᠭᠦᠯᠦᠯᠳᠡ ᠭᠠᠷᠬᠤ ᠴᠠᠭ᠄      17᠄00 ᠴᠠᠭ ᠠᠴᠠ ᠡᠮᠦᠨ᠎ᠡ ᠦᠯᠢᠭᠡᠷ  ᠠᠪᠤᠪᠠᠯ ᠲᠤᠬᠠᠢ ᠶᠢᠨ ᠡᠳᠦᠷ ᠤᠨ ᠤᠷᠤᠢ ᠶᠢᠨ20  ᠄00 ᠤᠨ ᠦᠶ᠎ᠡ ᠪᠠᠷ ᠪᠦᠭᠡᠮ ᠬᠦᠴᠢᠯ ᠤᠨ ᠪᠠᠶᠢᠴᠠᠭᠠᠯᠳᠠ ᠶᠢᠨ ᠮᠡᠳᠡᠭᠦᠯᠦᠯᠳᠡ ᠭᠠᠷᠤᠨ᠎ᠠ᠃      17᠄00 ᠠᠴᠠ ᠰᠡᠭᠦᠯᠡᠷ ᠦᠯᠢᠭᠡᠷ ᠠᠪᠤᠪᠠᠯ ᠲᠠᠷᠠᠭ᠎ᠠ ᠡᠳᠦᠷ ᠤᠨ ᠬᠢᠨᠢ ᠦᠳᠡ ᠶᠢᠨ12᠄00 ᠤᠨ ᠦᠶ᠎ᠡ  ᠪᠠᠷ ᠪᠦᠭᠡᠮ ᠬᠦᠴᠢᠯ ᠤᠨ ᠪᠠᠶᠢᠴᠠᠭᠠᠯᠳᠠ ᠶᠢᠨ ᠮᠡᠳᠡᠭᠦᠯᠦᠯᠳᠡ ᠭᠠᠷᠤᠨ᠎ᠠ᠃      1. ᠡᠯᠧᠺᠲᠷᠤᠨ ᠮᠡᠳᠡᠭᠦᠯᠦᠯᠳᠡ ᠶᠢ ᠦᠵᠡᠬᠦ ᠳᠤ ᠸᠢᠴᠠᠲ ᠤᠨ ᠨᠡᠶᠢᠳᠡ ᠶᠢᠨ ᠳ᠋ᠤᠭᠠᠷ ᠤᠨ ︽ᠤᠯᠠᠨ ᠨᠡᠶᠢᠳᠡ ᠶᠢᠨ ᠤᠶᠤᠨ ᠤ ᠬᠡᠷᠡᠭᠯᠡᠯᠳᠡ︾ — ︽ᠬᠤᠪᠢ ᠬᠦᠮᠦᠨ ᠤ ᠲᠦᠪ︾ — ︽ᠪᠤᠯᠵᠤᠭᠰᠠᠨ ᠭᠤᠶᠤᠴᠢᠯᠠᠯ  ︾ — ︽ᠨᠠᠷᠢᠨ ᠪᠠᠶᠢᠳᠠᠯ ᠢ ᠪᠠᠶᠢᠴᠠᠭᠠᠨ ᠦᠵᠡᠬᠦ︾ ᠲᠠᠷᠤᠪᠴᠢ ᠶᠢ ᠲᠤᠪᠴᠢᠳᠠᠵᠦ ᠰᠢᠯᠭᠠᠨ ᠪᠠᠶᠢᠴᠠᠭᠭᠠᠰᠠᠨ ᠦᠷ᠎ᠡ ᠳ᠋ᠦᠩ ᠢ ᠪᠠᠶᠢᠴᠠᠭᠠᠨ ᠦᠵᠡᠵᠦ ᠪᠤᠯᠤᠨ᠎ᠠ᠃      ᠬᠡᠷᠪᠡ ᠵᠠᠭᠪᠤᠷ ᠤᠨ ᠬᠡᠮᠵᠢᠶ᠎ᠡ ᠨᠢ ᠲᠦᠷ ᠴᠠᠭ ᠲᠦᠷᠭᠡᠨ ᠨᠡᠮᠡᠭᠳᠡᠪᠡᠯ᠂ ᠦᠷ᠎ᠡ ᠳ᠋ᠦᠩ ᠨᠢ ᠬᠠᠷᠢᠴᠠᠩᠭᠤᠢ ᠪᠠᠷ ᠬᠤᠶᠢᠰᠢᠯᠡᠨ᠎ᠡ᠃ ᠤᠯᠠᠨ ᠢᠶᠠᠷ ᠢᠶᠠᠨ ᠡᠯᠧᠺᠲᠷᠤᠨ ᠮᠡᠳᠡᠭᠦᠯᠦᠯᠳᠡ ᠶᠢᠨ ᠦᠷ᠎ᠡ ᠳ᠋ᠦᠩ ᠢ ᠡᠷᠢᠵᠦ ᠤᠯᠤᠭᠰᠠᠨ ᠤ ᠲᠠᠷᠠᠭ᠎ᠠ ᠲᠠᠬᠢᠨ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭᠠᠨ ᠤ ᠠᠦ᠋ᠲ᠋ᠤᠴᠢᠯᠠᠭᠰᠠᠨ  ᠮᠠᠰᠢᠨ ᠢᠶᠠᠷ ᠴᠠᠭᠠᠰᠤᠨ ᠬᠡᠪᠯᠡᠯ ᠤᠨ ᠮᠡᠳᠡᠭᠦᠯᠦᠯᠳᠡ ᠪᠠᠨ ᠲᠠᠷᠤᠮᠯᠠᠵᠦ ᠪᠤᠯᠤᠨ᠎ᠠ  ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号