| | | ᠰᠤᠷᠪᠤᠯᠵᠢᠯᠠᠭ᠎ᠠ ᠬᠦᠯᠢᠶᠡᠬᠦ ᠵᠣᠴᠢᠨ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠵᠠᠩ ᠵᠧᠨ ᠵᠢᠶᠦ᠋ᠨ᠃ | ᠰᠤᠷᠪᠤᠯᠵᠢᠯᠠᠭᠰᠠᠨ ᠴᠠᠭ᠄ 2022 ᠣᠨ ᠤ 5 ᠳ᠋ᠤᠭᠠᠷ ᠰᠠᠷ᠎ᠠ ᠶᠢᠨ 31 ᠤ ᠡᠳᠦᠷ᠃ | ᠬᠥᠲᠥᠯᠥᠭᠴᠢ ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ 2022 ᠣᠨ ᠳᠤ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ | ᠵᠣᠴᠢᠨ᠄ | ︵ᠨᠢᠭᠡ︶ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ | ᠠᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠪᠠ᠃ ᠨᠢᠭᠡ ᠳᠤ᠂ ︽ᠭᠤᠷᠪᠠᠨ ᠬᠤᠷᠠᠯ ᠨᠢᠭᠡ ᠬᠢᠴᠢᠶᠡᠯ︾ | ᠤᠨ ᠲᠦᠷᠢᠮ ᠢ ᠴᠢᠩᠭ᠎ᠠ ᠨᠠᠢᠳᠠᠪᠤᠷᠢᠵᠢᠭᠤᠯᠪᠠ᠃ ᠣᠳᠣᠬᠠᠨ ᠪᠣᠯᠲᠠᠯ᠎ᠠ ᠨᠠᠮ ᠤᠨ ᠡᠭᠦᠷ ᠤᠨ ᠭᠡᠰᠢᠭᠦᠳ ᠤᠨ | ᠬᠤᠷᠠᠯ ᠢ 5 ᠤᠳᠠᠭ᠎ᠠ ᠵᠣᠬᠢᠶᠠᠨ ᠪᠠᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠡᠳᠦᠪᠲᠦ | ᠨᠠᠮ ᠤᠨ ᠬᠢᠴᠢᠶᠡᠯ ᠢ 1 ᠤᠳᠠᠭ᠎ᠠ ᠵᠣᠬᠢᠶᠠᠨ ᠪᠠᠢᠭᠤᠯᠵᠤ᠂ ᠲᠤᠰᠬᠠᠢ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ 5 ᠤᠳᠠᠭ᠎ᠠ ᠵᠣᠬᠢᠶᠠᠨ ᠪᠠᠶᠢᠭᠤᠯᠪᠠ᠃ ᠬᠤᠶᠠᠷ ᠲᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠳ᠋ᠦᠩᠨᠡᠯᠲᠡ ᠶᠢ ᠰᠠᠶᠢᠲᠤᠷ ᠬᠢᠪᠡ᠃ 1 ᠰᠠᠷ᠎ᠠ ᠶᠢᠨ 25 ᠤ ᠡᠳᠦᠷ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠵᠤ᠂ ᠮᠠᠨ ᠤ ᠲᠣᠪᠴᠢᠶ᠎ᠠ ᠶᠢᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢᠬᠢ ᠦᠷ᠎ᠡ ᠪᠦᠲᠦᠭᠡᠯ ᠢ ᠪᠥᠬᠦ | ᠲᠠᠯ᠎ᠠ ᠪᠠᠷ ᠳ᠋ᠦᠩᠨᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠠᠵᠢᠯ ᠢ ᠰᠠᠶᠢᠲᠤᠷ | ᠬᠢᠬᠦ ᠳᠤ ᠰᠠᠭᠤᠷᠢ ᠲᠠᠯᠪᠢᠪᠠ᠃ ᠭᠤᠷᠪᠠ ᠳᠤ᠂ ᠳᠠᠪᠬᠤᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠯᠠᠪᠳᠠᠭᠤᠨ | ᠪᠠᠲᠤᠲᠠᠢ ᠥᠷᠨᠢᠭᠦᠯᠪᠡ᠃ 1 ᠰᠠᠷ᠎ᠠ ᠶᠢᠨ 26 ᠤ ᠡᠳᠦᠷ ᠨᠠᠮ ᠤᠨ ᠤᠳᠤᠷᠢᠳᠬᠤ ᠳᠤᠭᠤᠶᠢᠯᠠᠩ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠢ | ᠬᠤᠷᠠᠯᠳᠤᠭᠤᠯᠵᠤ᠂ ︽ᠲᠤᠯᠤᠭᠠᠨ ᠳᠠᠭᠠᠭᠤᠯᠤᠭᠴᠢ︾ ᠶᠢᠨ ᠲᠠᠯ᠎ᠠ ᠪᠠᠷ ᠬᠠᠷᠭᠤᠭᠤᠯᠤᠨ ᠪᠠᠶᠢᠴᠠᠭᠠᠬᠤ ᠠᠵᠢᠯ ᠢ | ᠰᠠᠶᠢᠲᠤᠷ ᠬᠢᠪᠠ᠃ 3 ᠰᠠᠷ᠎ᠠ ᠶᠢᠨ 22 ᠤᠨ ᠡᠳᠦᠷ 2021 ᠣᠨ ᠤ ᠦᠨᠳᠦᠰᠦᠨ ᠱᠠᠲᠤᠨ ᠤ ᠨᠠᠮ ᠤᠨ ᠡᠭᠦᠷ ᠤᠨ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠶᠢᠨ ᠬᠠᠮᠲᠤ ᠨᠠᠮ ᠤᠨ ᠭᠡᠰᠢᠭᠦᠨ ᠢ | ᠠᠷᠠᠳᠴᠢᠯᠠᠯ ᠢᠶᠠᠷ ᠦᠨᠡᠯᠡᠬᠦ ᠠᠵᠢᠯ ᠢ ᠥᠷᠨᠢᠭᠦᠯᠵᠦ᠂ ᠥᠩᠭᠡᠷᠡᠭᠰᠡᠨ ᠨᠢᠭᠡ ᠵᠢᠯ ᠤᠨ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠢ ᠳ᠋ᠦᠩᠨᠡᠵᠦ᠂ ᠰᠢᠨ᠎ᠡ ᠨᠢᠭᠡ ᠵᠢᠯ ᠳᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠴᠢᠭᠯᠡᠯ ᠬᠠᠩᠭᠠᠪᠠ | ᠃ ᠳᠥᠷᠪᠡ ᠳᠤ᠂ ᠨᠠᠮ ᠤᠨ ᠭᠡᠰᠢᠭᠦᠨ ᠤ ᠬᠥᠮᠦᠵᠢᠯ ᠢ ᠰᠠᠶᠢᠲᠤᠷ ᠠᠳᠬᠤᠪᠠ᠃ ᠣᠳᠣ ᠪᠣᠯᠲᠠᠯ᠎ᠠ ᠭᠠᠷᠠᠭ ᠪᠦᠷᠢ ᠶᠢᠨ | ᠲᠠᠪᠤᠨ ᠢᠶᠠᠷ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ 12 ᠤᠳᠠᠭ᠎ᠠ ᠲᠥᠪᠯᠡᠷᠡᠭᠦᠯᠦᠨ ᠰᠤᠷᠤᠯᠴᠠᠭᠤᠯᠪᠠ᠃ | ᠡᠭᠦᠨ ᠤ ᠬᠠᠮᠲᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠪᠠ ᠬᠥᠮᠦᠵᠢᠯ ᠢ ᠰᠠᠶᠢᠲᠤᠷ ᠠᠳᠬᠤᠪᠠ᠃ | ᠲᠠᠪᠤ ᠳᠤ᠂ ᠨᠠᠮ ᠤᠨ ᠡᠭᠦᠷ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠠᠢ᠃ ᠪᠥᠬᠦ ᠣᠷᠣᠨ ᠤ ︽ | ᠣᠶᠤᠨᠴᠢ ᠨᠠᠮ ᠤᠨ ᠪᠠᠶᠢᠭᠤᠯᠤᠯᠲᠠ︾ ᠶᠢᠨ ᠲᠠᠪᠴᠠᠩ ᠢ ᠠᠰᠢᠭᠯᠠᠨ᠂ 24 ᠨᠡᠷᠡᠰ ᠨᠠᠮ ᠤᠨ ᠭᠡᠰᠢᠭᠦᠨ ᠤ | ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢ ᠬᠠᠮᠠᠭᠠᠯᠠᠪᠠ᠃ ᠵᠢᠷᠭᠤᠭ᠎ᠠ ᠳᠤ᠂ ᠨᠠᠮ ᠤᠨ ᠭᠡᠰᠢᠭᠦᠨ ᠡᠯᠰᠡᠬᠦ ᠠᠵᠢᠯ ᠢ | ᠰᠠᠶᠢᠲᠤᠷ ᠬᠢᠪᠡ᠃ ᠡᠨᠡ ᠵᠢᠯ ᠠᠴᠠ ᠨᠠᠰᠢ᠂ 1 ᠬᠥᠮᠦᠨ ᠢ ᠨᠠᠮ ᠳᠤ ᠣᠷᠣᠬᠤ ᠢᠳᠡᠪᠬᠢᠲᠡᠨ ᠢᠶᠠᠷ ᠡᠯᠰᠡᠵᠦ᠂ ᠪᠠᠰᠠ | 1 ᠬᠥᠮᠦᠨ ᠨᠠᠮ ᠳᠤ ᠣᠷᠣᠬᠤ ᠭᠤᠶᠤᠴᠢᠯᠠᠯ ᠤᠨ ᠪᠢᠴᠢᠭ ᠢᠶᠠᠨ ᠲᠤᠰᠢᠶᠠᠵᠤ᠂ ᠲᠠᠷᠠᠭᠠᠴᠢ ᠶᠢᠨ ᠠᠯᠬᠤᠮ ᠳᠤ | ᠨᠠᠮ ᠤᠨ ᠭᠡᠰᠢᠭᠦᠨ ᠢ ᠬᠥᠮᠦᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠮ ᠤᠨ ᠵᠣᠬᠢᠶᠠᠨ | ᠪᠠᠶᠢᠭᠤᠯᠤᠯᠲᠠ ᠳᠤ ᠰᠢᠨ᠎ᠡ ᠰᠣᠷᠭᠤᠭ ᠬᠦᠴᠦᠨ ᠨᠡᠮᠡᠷᠢᠯᠡᠨ᠎ᠡ᠃ ᠲᠤᠯᠤᠭ᠎ᠠ ᠳᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠡᠢ᠃ ᠪᠦᠬᠦ ᠬᠤᠰᠢᠭᠤᠨ ᠤ 2 ᠤᠳᠠᠭ᠎ᠠ ᠶᠢᠨ | ᠪᠦᠬᠦ ᠠᠷᠠᠳ ᠤᠨ ᠪᠥᠭᠡᠮ ᠬᠦᠴᠢᠯ ᠰᠢᠯᠭᠠᠬᠤ ᠶᠠᠪᠤᠴᠠ ᠳᠤ᠂ ᠮᠠᠨ ᠤ ᠲᠣᠪᠴᠢᠶ᠎ᠠ᠂ ᠬᠤᠰᠢᠭᠤᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ | ᠨᠢᠭᠡᠴᠢ ᠲᠠᠢ ᠲᠦᠷ ᠴᠠᠭ ᠤᠨ ᠨᠠᠮ ᠤᠨ ᠡᠭᠦᠷ ᠢ ᠪᠠᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ | ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ | ︵ᠬᠤᠶᠠᠷ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠪᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠨᠠᠮ ᠤᠨ ᠤᠯᠤᠰ ᠲᠦᠷᠦ ᠶᠢᠨ ᠰᠠᠬᠢᠯᠭ᠎ᠠ | ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠲᠦᠷᠦᠭᠦᠯᠡᠨ ᠵᠢᠷᠤᠮᠯᠠᠵᠤ᠂ ᠲᠥᠪ ᠤᠨ ᠨᠠᠢᠮᠠᠨ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠰᠤᠷᠲᠠᠯ ᠤᠨ ᠪᠠᠶᠢᠭᠤᠯᠤᠯᠲᠠ ᠬᠡᠵᠢᠶᠡᠳᠡ ᠳᠠᠭᠤᠰᠤᠰᠢ ᠦᠭᠡᠢ︾ | ᠭᠡᠰᠡᠨ ᠢ ᠢᠮᠠᠭᠲᠠ ᠪᠠᠷᠢᠮᠲᠠᠯᠠᠵᠤ᠂ ᠴᠠᠭᠠᠨ ᠰᠠᠷ᠎ᠠ ᠠᠴᠠ ᠡᠮᠦᠨ᠎ᠡ ︽ᠠᠷᠢᠬᠢ ᠤᠤᠭᠤᠵᠤ ᠲᠡᠷᠭᠡ ᠵᠢᠯᠣᠭᠤᠳᠬᠤ ᠶᠢ | ᠲᠡᠪᠴᠢᠬᠦ ᠠᠮᠠᠯᠠᠯᠲᠠ ᠶᠢᠨ ᠪᠢᠴᠢᠭ︾ ᠪᠣᠯᠤᠨ ︽2022 ᠣᠨ ᠤ ᠴᠠᠭᠠᠨ ᠰᠠᠷ᠎ᠠ ᠶᠢᠨ ᠠᠷᠢᠭᠤᠨ ᠴᠢᠬᠡᠴᠢ ᠪᠠᠷ | ᠪᠡᠶ᠎ᠡ ᠪᠠᠨ ᠱᠠᠭᠠᠷᠳᠠᠬᠤ ᠠᠮᠠᠯᠠᠯᠲᠠ ᠶᠢᠨ ᠪᠢᠴᠢᠭ︾ ᠢ ᠪᠠᠭᠲᠠᠭᠠᠭᠰᠠᠨ ︽ᠴᠢᠬᠡᠴᠢ ᠵᠠᠰᠠᠭ ᠤᠨ ᠤᠯᠠᠭᠠᠨ ᠪᠠᠭᠯᠠᠭ᠎ᠠ︾ | ᠳᠤ ᠭᠠᠷ ᠤᠨ ᠦᠰᠦᠭ ᠵᠢᠷᠤᠵᠤ᠂ ᠤᠳᠤᠷᠢᠳᠬᠤ ᠺᠠᠳ᠋ᠷ ᠢ ᠴᠢᠬᠤᠯᠠ ᠪᠠᠶᠠᠷ ᠤᠨ ᠡᠳᠦᠷ ᠠᠴᠠ ᠡᠮᠦᠨ᠎ᠡ ᠪᠢᠰᠢᠷᠡᠨ | ᠵᠢᠷᠦᠬᠡᠰᠢᠶᠡᠬᠦ ᠶᠢ ᠮᠡᠳᠡᠭᠦᠯᠵᠦ᠂᠂ ᠬᠤᠷᠢᠭ᠎ᠠ ᠱᠤᠭᠤᠮ ᠢ ᠰᠠᠬᠢᠭᠤᠯᠵᠠᠢ᠃ ᠣᠳᠣᠬᠠᠨ ᠪᠣᠯᠲᠠᠯ᠎ᠠ᠂ ᠪᠥᠬᠦ ᠺᠠᠳ᠋ᠷ | ᠠᠵᠢᠯᠲᠠᠨ ᠢ ᠵᠣᠬᠢᠶᠠᠨ ᠪᠠᠶᠢᠭᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ 1 ᠤᠳᠠᠭ᠎ᠠ ᠶᠠᠷᠢᠯᠴᠠᠵᠤ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠢ 1 ᠤᠳᠠᠭ᠎ᠠ ᠵᠢᠭᠰᠠᠭᠠᠨ ᠪᠠᠶᠢᠴᠠᠭᠠᠵᠤ᠂ ᠨᠠᠮ ᠤᠨ | ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ | ᠭᠠᠷ ᠤᠨ ᠥᠰᠥᠭ ᠵᠢᠷᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠳᠡᠭᠡᠭᠰᠢᠯᠡᠭᠦᠯᠪᠡ᠃ ᠰᠥᠩ ᠯᠢᠶᠠᠩ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ | ᠲᠥᠪᠯᠡᠷᠡᠭᠦᠯᠦᠨ ᠦᠵᠡᠵᠦ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠪᠠᠷ ᠰᠡᠷᠡᠮᠵᠢ ᠶᠢᠨ ᠬᠤᠩᠬᠤ ᠴᠣᠬᠢᠵᠤ᠂ ᠺᠠᠳ᠋ᠷ | ᠵᠢᠴᠢ ᠠᠵᠢᠯᠲᠠᠨ ᠤ ᠨᠠᠮᠴᠢ ᠴᠢᠨᠠᠷ ᠤᠨ ᠪᠣᠯᠪᠠᠰᠤᠷᠠᠯ ᠪᠠ ᠦᠵᠡᠯ ᠰᠠᠨᠠᠭ᠎ᠠ ᠶᠣᠰᠣ ᠰᠤᠷᠲᠠᠬᠤᠨ ᠤ ᠪᠣᠯᠪᠠᠰᠤᠷᠠᠯ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ | ᠲᠦᠷᠢᠮ ᠢ ᠴᠢᠩᠳᠠᠯᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠪᠠ ᠬᠠᠤᠯᠢ ᠴᠠᠭᠠᠵᠠ ᠶᠢᠨ ᠤᠯᠠᠭᠠᠨ | ᠱᠤᠭᠤᠮ ᠢ ᠪᠠᠲᠤ ᠰᠠᠬᠢᠵᠤ᠂ ᠢᠯᠵᠠᠷᠠᠯ ᠢ ᠡᠰᠡᠷᠭᠦᠴᠡᠵᠦ ᠴᠢᠨᠠᠷ ᠬᠤᠪᠢᠷᠬᠠᠤ ᠶᠢ ᠰᠡᠷᠭᠡᠶᠢᠯᠡᠬᠦ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃ | ︵ᠭᠤᠷᠪᠠ︶ ᠬᠦᠨᠳᠦ ᠴᠢᠬᠤᠯᠠ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠭᠠᠵᠠᠷ ᠬᠡᠷᠡᠭᠯᠡᠬᠦ ᠪᠠᠲᠤᠯᠠᠭ᠎ᠠ ᠶᠢ ᠦᠨᠡᠨ ᠬᠦ ᠰᠠᠶᠢᠲᠤᠷ ᠬᠢᠪᠡ᠃ ᠨᠢᠭᠡ ᠳᠤ᠂ | ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠢᠯᠡᠴᠢᠯᠡᠵᠦ᠂ ᠲᠥᠷᠥᠯ ᠵᠦᠢᠯ ᠢ ᠭᠤᠣᠯᠯᠠᠨ ᠬᠠᠮᠢᠶᠠᠷᠬᠤ ᠨᠢᠭᠡᠴᠢ ᠪᠠ | ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠲᠠᠢ ᠨᠢᠭᠲᠠ ᠬᠠᠷᠢᠯᠴᠠᠵᠤ᠂ ᠬᠦᠨᠳᠦ ᠴᠢᠬᠤᠯᠠ ᠲᠥᠷᠥᠯ ᠵᠦᠢᠯ ᠤᠨ | ᠲᠥᠯᠥᠪᠵᠢᠭᠦᠯᠭᠡ ᠪᠠ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠶᠢ ᠦᠷᠭᠦᠯᠵᠢᠯᠡᠨ ᠰᠠᠶᠢᠲᠤᠷ ᠠᠳᠬᠤᠪᠠ᠃ | ᠣᠳᠣᠬᠠᠨ ᠪᠣᠯᠲᠠᠯ᠎ᠠ᠂ ᠮᠠᠨ ᠤ ᠬᠤᠰᠢᠭᠤᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ | ᠵᠦᠢᠯ ᠤᠨ ᠲᠥᠯᠥᠪᠵᠢᠭᠦᠯᠭᠡ ᠶᠢᠨ ᠭᠠᠷ ᠭᠦᠢᠴᠡᠳᠬᠡᠯ ᠢ ᠪᠦᠬᠦᠨ ᠢ ᠭᠦᠢᠴᠡᠳᠬᠡᠪᠡ᠃ ᠭᠠᠵᠠᠷ ᠬᠡᠷᠡᠭᠯᠡᠬᠦ ᠭᠠᠷᠳᠠᠮ ᠢ | ᠨᠢᠭᠡᠨᠲᠡ 50 ᠲᠥᠷᠥᠯ ᠵᠦᠶ᠋ᠯ ᠢ ᠭᠦᠢᠴᠡᠳᠬᠡᠵᠦ ︵ ᠭᠦᠢᠴᠡᠳᠭᠡᠬᠦ ᠴᠢᠬᠤᠯᠠ ᠥᠬᠡᠶ ᠶᠢ ᠪᠠᠭᠲᠠᠭᠠᠵᠠᠢ︶᠂ 4 | ᠲᠥᠷᠥᠯ ᠵᠦᠢᠯ ᠨᠢ ᠭᠤᠶᠤᠴᠢᠯᠠᠭᠰᠠᠨ ᠥᠬᠡᠶ᠂ 15 ᠲᠥᠷᠥᠯ ᠵᠦᠢᠯ ᠤᠨ ᠭᠠᠵᠠᠷ ᠬᠡᠷᠡᠭᠯᠡᠬᠦ ᠭᠠᠷᠳᠠᠮ ᠢ | ᠲᠡᠭᠦᠯᠳᠡᠷᠵᠢᠭᠦᠯᠬᠦ ᠴᠢᠬᠤᠯᠠᠲᠠᠶ᠃ ᠬᠤᠶᠠᠷ ᠲᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠷᠠᠭᠤᠨ ᠠᠵᠤ | ᠦᠢᠯᠡᠳᠪᠦᠷᠢ ᠶᠢᠨ ᠲᠣᠭᠤᠷᠢᠭ ᠤᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠪᠠ ᠮᠠᠨᠳᠤᠯ | ᠪᠣᠭᠤᠮᠲᠠ ᠶᠢᠨ ᠣᠶᠤᠨᠴᠢᠯᠠᠭᠰᠠᠨ ᠡᠳ᠋ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠥᠷᠥᠯ ᠵᠦᠢᠯ ᠳᠤ ᠰᠢᠨ᠎ᠡ ᠪᠠᠷ | ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢ 150 ᠾᠧᠺᠲ᠋ᠠᠷ | ᠨᠡᠮᠡᠭᠳᠡᠭᠦᠯᠵᠡᠢ᠃ | ︵ᠲᠦᠷᠪᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠲᠥᠯᠥᠪᠵᠢᠭᠦᠯᠭᠡ ᠶᠢᠨ ᠲᠣᠯᠣᠭᠠᠶᠢᠯᠠᠭᠴᠢ ᠦᠢᠯᠡᠳᠦᠯ ᠢ ᠪᠠᠳᠠᠷᠠᠭᠤᠯᠪᠠ᠃ ᠨᠢᠭᠡ ᠳᠤ | ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠶᠡᠷᠦᠩᠬᠡᠶ ᠲᠥᠯᠥᠪᠵᠢᠭᠦᠯᠭᠡ ᠶᠢ ᠨᠥᠬᠦᠪᠥᠷᠢᠯᠡᠨ ᠲᠡᠭᠦᠯᠳᠡᠷᠵᠢᠭᠦᠯᠪᠡ᠃ ᠬᠠᠮᠤᠭ ᠤᠨ ᠰᠢᠨ᠎ᠡ ᠢᠯᠭᠠᠨ ᠲᠣᠭᠲᠠᠭᠠᠬᠤ | ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠪᠠᠲᠤᠬᠠᠭᠠᠯᠭ᠎ᠠ ᠪᠠᠯᠭᠠᠰᠤ᠂ ᠪᠠᠷᠠᠭᠤᠨ ᠠᠵᠤ ᠦᠶ᠋ᠯᠡᠳᠪᠦᠷᠢ ᠶᠢᠨ | ᠲᠣᠭᠤᠷᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠵᠡᠷᠭᠡ ᠲᠠᠢ | ᠬᠠᠮᠲᠤᠷᠠᠨ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠢᠯᠭᠠᠨ ᠲᠣᠭᠲᠠᠭᠠᠬᠤ ᠠᠵᠢᠯ ᠢ | ᠪᠡᠶᠡᠯᠡᠭᠦᠯᠪᠡ᠃ ᠬᠤᠶᠠᠷ ᠲᠤ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠲᠦᠷᠭᠡᠳᠬᠡᠨ ᠠᠬᠢᠭᠤᠯᠪᠠ᠃ 2021 ᠣᠨ ᠳᠤ ᠨᠠᠶᠢᠷᠠᠭᠤᠯᠤᠨ ᠵᠣᠬᠢᠶᠠᠭᠰᠠᠨ 31 ᠠᠶᠢᠯ ᠲᠣᠰᠬᠤᠨ ᠤ | ᠲᠥᠯᠥᠪᠵᠢᠭᠦᠯᠭᠡ ᠳᠤ ᠲᠤᠰᠬᠠᠶ ᠰᠤᠳᠤᠯᠤᠨ ᠶᠠᠷᠢᠯᠴᠠᠬᠤ ᠪᠠ ᠲᠤᠰᠬᠠᠶ ᠮᠡᠷᠭᠡᠵᠢᠯᠲᠡᠨ ᠢᠶᠠᠷ ᠬᠢᠨᠠᠨ | ᠲᠣᠭᠲᠠᠭᠠᠯᠭᠠᠬᠤ ᠶᠢᠨ ᠬᠠᠮᠲᠤ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠵᠠᠯᠭᠠᠭ᠎ᠠ ᠪᠠᠷ | ᠥᠷᠨᠢᠭᠦᠯᠪᠡ᠃ ᠡᠭᠦᠨ ᠤ ᠬᠠᠮᠲᠤ 2022 ᠣᠨ ᠳᠤ ᠲᠣᠭᠲᠠᠭᠠᠭᠰᠠᠨ 29 ᠲᠣᠰᠬᠤᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠵᠡᠷᠭᠡᠪᠡᠷ ᠥᠷᠨᠢᠭᠦᠯᠪᠡ᠃ ᠭᠤᠷᠪᠠ ᠳᠤ᠂ ᠪᠠᠲᠤᠬᠠᠭᠠᠯᠭ᠎ᠠ ᠪᠠᠯᠭᠠᠰᠤᠨ ᠤ | ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢ ᠠᠬᠢᠭᠤᠯᠪᠠ᠃ ᠠᠵᠢᠯ ᠤᠨ ᠬᠠᠷᠢᠭᠤ | ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠬᠢᠷᠠᠭᠤᠯᠤᠯᠲᠠ ᠬᠢᠬᠦ ᠪᠠᠷ ᠪᠠᠶᠢᠭ᠎ᠠ | ᠭᠠᠵᠠᠷ ᠰᠢᠷᠣᠶ ᠶᠢᠨ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠲᠥᠯᠥᠪᠵᠢᠭᠦᠯᠭᠡ ᠶᠢᠨ ᠭᠦᠢᠴᠡᠳᠭᠡᠯ ᠲᠤᠭ᠎ᠠ ᠵᠡᠷᠭᠡ | ᠠᠭᠤᠯᠭ᠎ᠠ ᠳᠤ ᠨᠠᠷᠢᠨ ᠬᠠᠷᠢᠭᠤ ᠮᠡᠳᠡᠭᠦᠯᠦᠯᠲᠡ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠰᠣᠨᠣᠰᠴᠤ | ᠂ ᠳᠠᠬᠢᠨᠲᠠ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠲᠤᠭ᠎ᠠ ᠪᠠᠷᠢᠮᠲᠠ ᠴᠤᠭᠯᠠᠭᠤᠯᠤᠨ᠂ ᠡᠵᠡᠮᠳᠡᠯ ᠤᠨ | ᠲᠣᠭᠲᠠᠭᠠᠯ ᠳᠤ ᠲᠣᠬᠢᠷᠠᠭᠤᠯᠤᠯᠲᠠ ᠬᠢᠬᠦ ᠠᠭᠤᠯᠭ᠎ᠠ ᠶᠢ ᠲᠡᠭᠦᠯᠳᠡᠷᠵᠢᠭᠦᠯᠪᠡ᠃ ᠳᠥᠷᠪᠡ ᠳᠤ᠂ ᠲᠥᠯᠥᠪᠵᠢᠭᠦᠯᠭᠡ ᠶᠢ | ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ ᠢ ᠦᠨᠡᠨᠬᠦ ᠰᠠᠶᠢᠲᠤᠷ ᠠᠳᠬᠤᠪᠠ᠃ ᠣᠳᠣᠬᠠᠨ ᠪᠣᠯᠲᠠᠯ᠎ᠠ᠂ | ᠲᠥᠯᠥᠪᠵᠢᠭᠦᠯᠭᠡ ᠶᠢᠨ ᠭᠠᠵᠠᠷ ᠰᠣᠩᠭᠤᠬᠤ ᠵᠢᠭᠠᠪᠤᠷᠢ ᠠᠪᠬᠤ᠂ ᠪᠠᠶᠢᠴᠠᠭᠠᠨ ᠯᠠᠪᠯᠠᠬᠤ᠂ ᠮᠠᠭᠠᠳᠯᠠᠨ ᠲᠣᠭᠲᠠᠭᠠᠬᠤ | ᠲᠥᠷᠥᠯ ᠤᠨ ᠪᠢᠴᠢᠭ ᠮᠠᠲ᠋ᠧᠷᠢᠶᠠᠯ ᠢ ᠨᠡᠶᠢᠲᠡ 117 ᠬᠤᠪᠢ ᠭᠠᠷᠭᠠᠪᠠ᠃ 16 ᠬᠤᠪᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠵᠤ᠂ | 146.2 ᠲᠦᠮᠡᠨ ᠲᠡᠭᠰᠢ ᠳᠥᠷᠪᠡᠯᠵᠢᠨ ᠮᠧᠳ᠋ᠷ ᠭᠠᠵᠠᠷ ᠬᠡᠷᠡᠭᠯᠡᠪᠡ᠃ 11 ᠬᠤᠪᠢ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠵᠤ᠂ ᠲᠥᠯᠥᠪᠵᠢᠭᠦᠯᠭᠡ ᠶᠢᠨ | ᠪᠠᠷᠢᠯᠭ᠎ᠠ ᠶᠢᠨ ᠲᠠᠯᠠᠪᠠᠢ 10.8 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠪᠡ᠃ | ︵ᠲᠠᠪᠤ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠵᠦ ᠬᠠᠩᠭᠠᠬᠤ ᠶᠢ | ᠲᠦᠷᠭᠡᠳᠬᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠪᠠ᠃ ᠨᠢᠭᠡ ᠳᠤ᠂ ᠭᠠᠵᠠᠷ ᠰᠢᠷᠣᠶ ᠶᠢ | ᠮᠡᠳᠡᠭᠦᠯᠦᠨ ᠵᠥᠪᠰᠢᠶᠡᠷᠡᠭᠦᠯᠬᠦ ᠠᠬᠢᠴᠠ ᠶᠢ ᠲᠦᠷᠭᠡᠳᠬᠡᠪᠡ᠃ ᠣᠳᠣᠬᠠᠨ ᠪᠣᠯᠲᠠᠯ᠎ᠠ᠂ ᠭᠠᠵᠠᠷ ᠰᠢᠷᠣᠶ ᠶᠢ | ᠤᠷᠢᠳᠴᠢᠯᠠᠨ ᠬᠢᠨᠠᠨ ᠵᠥᠪᠰᠢᠶᠡᠷᠡᠵᠦ ᠰᠡᠷᠭᠦᠭᠡᠭᠰᠡᠨ 9 ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ 1002. | 9804 ᠾᠧᠺᠲ᠋ᠠᠷ︔ ᠲᠠᠷᠢᠶᠠᠯᠠᠩ ᠤᠨ ᠰᠢᠯᠵᠢᠭᠦᠯᠦᠨ ᠬᠡᠷᠡᠭᠯᠡᠬᠦ ᠭᠠᠵᠠᠷ ᠰᠢᠷᠣᠶ ᠶᠢᠨ ᠴᠣᠬᠤᠯᠠᠪᠤᠷᠢᠯᠠᠯ ᠢ | ᠣᠯᠤᠭᠰᠠᠨ ᠲᠥᠷᠥᠯ ᠵᠦᠢᠯ 5 ᠪᠠᠶᠢᠵᠤ᠂ ᠶᠡᠷᠦᠩᠬᠡᠶ ᠲᠠᠯᠠᠪᠠᠶ ᠨᠢ 11.2183 ᠾᠧᠺᠲ᠋ᠠᠷ᠃ ᠨᠢᠭᠡᠨᠲᠡ ᠳᠡᠭᠡᠭᠰᠢ | ᠮᠡᠳᠡᠭᠦᠯᠦᠨ ᠵᠥᠪᠰᠢᠶᠡᠷᠡᠭᠦᠯᠬᠦ ᠪᠠᠷ ᠪᠠᠶᠢᠭ᠎ᠠ 11 ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ 411.3399 | ᠾᠧᠺᠲ᠋ᠠᠷ᠃ ᠬᠤᠶᠠᠷ ᠲᠤ᠂ ᠮᠠᠨ ᠤ ᠬᠤᠰᠢᠭᠤᠨ ᠤ 2022 ᠣᠨ ᠤ ᠭᠠᠵᠠᠷ ᠰᠢᠷᠣᠶ ᠶᠢᠨ ᠬᠠᠩᠭᠠᠯᠭ᠎ᠠ ᠶᠢᠨ | ᠲᠥᠯᠥᠪᠯᠡᠭᠡ ᠪᠠ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ | ᠳᠡᠭᠡᠭᠰᠢ ᠮᠡᠳᠡᠭᠦᠯᠪᠡ᠃ ᠭᠤᠷᠪᠠ ᠳᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 4 | ᠬᠡᠰᠡᠭ ᠭᠠᠵᠠᠷ ᠬᠠᠩᠭᠠᠵᠤ᠂ ᠶᠡᠷᠦᠩᠬᠡᠶ ᠲᠠᠯᠠᠪᠠᠶ ᠨᠢ 126.6589 ᠾᠧᠺᠲ᠋ᠠᠷ᠄ ᠡᠭᠦᠨ ᠳᠤ ᠦᠨ᠎ᠡ ᠭ᠋ᠠᠳᠡᠵᠦ | ᠬᠤᠳᠠᠯᠳᠤᠭᠰᠠᠨ ᠭᠠᠵᠠᠷ ᠨᠢ 2 ᠬᠡᠰᠡᠭ᠂ ᠲᠠᠯᠠᠪᠠᠶ ᠨᠢ 1.9097 ᠾᠧᠺᠲ᠋ᠠᠷ ᠪᠠᠶᠢᠵᠤ᠂ ᠭᠠᠵᠠᠷ ᠰᠢᠷᠣᠶ | ᠬᠤᠳᠠᠯᠳᠤᠭᠰᠠᠨ ᠮᠥᠩᠭᠦ 424.1554 ᠲᠦᠮᠡᠨ ᠲᠥᠭᠦᠷᠢᠭ ᠬᠤᠷᠢᠶᠠᠪᠠ︔ ᠰᠢᠯᠵᠢᠭᠦᠯᠦᠨ ᠥᠭᠭᠦᠭᠰᠡᠨ | ᠭᠠᠵᠠᠷ ᠨᠢ 2 ᠬᠡᠰᠡᠭ᠂ ᠲᠠᠯᠠᠪᠠᠶ ᠨᠢ 124.7492 ᠾᠧᠺᠲ᠋ᠠᠷ᠃ ᠶᠠᠭ ᠫᠠᠶᠢᠰᠠ ᠡᠯᠭᠦᠵᠦ ᠪᠠᠢᠬᠤ ᠨᠢ 4 ᠬᠡᠰᠡᠭ | ᠪᠠᠶᠢᠵᠤ᠂ ᠪᠠᠷᠤᠭ 6 ᠰᠠᠷ᠎ᠠ ᠶᠢᠨ ᠰᠡᠭᠦᠯᠴᠢ ᠠᠴᠠ ᠡᠮᠦᠨ᠎ᠡ ᠬᠠᠩᠭᠠᠯᠭ᠎ᠠ ᠶᠢ ᠪᠡᠶᠡᠯᠡᠭᠦᠯᠵᠦ᠂ ᠭᠠᠵᠠᠷ ᠰᠢᠷᠣᠶ | ᠬᠤᠳᠠᠯᠳᠤᠭᠰᠠᠨ ᠮᠥᠩᠭᠦ 476.921 ᠲᠦᠮᠡᠨ ᠲᠥᠭᠦᠷᠢᠭ ᠬᠤᠷᠢᠶᠠᠨ ᠠᠪᠴᠤ ᠪᠣᠯᠤᠨ᠎ᠠ᠃ ᠳᠥᠷᠪᠡ ᠳᠤ᠂ | ᠰᠤᠯᠠ ᠪᠠᠶᠢᠭ᠎ᠠ ᠦᠷ᠎ᠡ ᠠᠰᠢᠭ ᠳᠤᠤᠷ᠎ᠠ ᠭᠠᠵᠠᠷ ᠰᠢᠷᠣᠶ ᠶᠢ ᠪᠠᠶᠢᠴᠠᠭᠠᠨ ᠣᠶᠢᠯᠠᠭᠠᠬᠤ ᠠᠵᠢᠯ ᠢ ᠥᠷᠨᠢᠭᠦᠯᠵᠦ᠂ | ᠰᠤᠯᠠ ᠪᠠᠶᠢᠭ᠎ᠠ ᠭᠠᠵᠠᠷ ᠰᠢᠷᠣᠶ ᠶᠢᠨ ᠡᠬᠡ ᠲᠠᠩᠰᠠ ᠶᠢ ᠪᠠᠶᠢᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ | ᠭᠠᠵᠠᠷ ᠰᠢᠷᠣᠶ ᠶᠢᠨ ᠬᠠᠩᠭᠠᠯᠭ᠎ᠠ ᠶᠢ ᠰᠢᠢᠳᠪᠦᠷᠢᠯᠡᠬᠦ ᠲᠥᠰᠦᠯ ᠢ ᠲᠣᠭᠲᠠᠭᠠᠪᠠ᠃ ᠲᠠᠪᠤ ᠳᠤ᠂ ᠪᠠᠲᠤᠬᠠᠭᠠᠯᠭ᠎ᠠ | ᠪᠠᠯᠭᠠᠰᠤ᠂ ᠰᠢᠷᠠᠮᠥ᠋ᠷᠡᠨ ᠪᠠᠯᠭᠠᠰᠤ ᠵᠢᠴᠢ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠪᠠᠷᠢᠮᠵᠢᠶᠠᠲᠤ | ᠭᠠᠵᠠᠷ ᠤᠨ ᠦᠨ᠎ᠡ ᠶᠢ ᠲᠣᠬᠢᠷᠠᠭᠤᠯᠬᠤ ᠵᠢᠴᠢ ᠲᠣᠭᠲᠠᠭᠠᠬᠤ ᠠᠵᠢᠯ ᠢ ᠦᠷᠨᠢᠭᠦᠯᠪᠡ᠃ ᠣᠳᠣᠬᠠᠨ ᠳᠤ ᠨᠢᠭᠡᠨᠲᠡ | ᠭᠠᠵᠠᠷ ᠰᠢᠷᠣᠶ ᠶᠢᠨ ᠲᠠᠰ ᠲᠣᠭᠲᠠᠭᠠᠬᠤ ᠪᠠ ᠦᠨ᠎ᠡ ᠬᠠᠩᠰᠢ ᠶᠢ ᠦᠨᠡᠯᠡᠨ ᠵᠢᠱᠢᠬᠦ ᠠᠩᠬ᠎ᠠ ᠠᠯᠬᠤᠮ ᠤᠨ ᠦᠷ᠎ᠡ | ᠪᠦᠲᠦᠭᠡᠯ ᠢ ᠪᠡᠶᠡᠯᠡᠭᠦᠯᠵᠦ᠂ ᠲᠠᠷᠠᠭᠠᠴᠢ ᠶᠢᠨ ᠠᠯᠬᠤᠮ ᠳᠤ ᠵᠢᠷᠤᠮ ᠶᠣᠰᠣᠭᠠᠷ ᠭᠡᠷᠡᠴᠢᠯᠡᠭᠡ ᠰᠣᠨᠣᠰᠬᠤ ᠬᠤᠷᠠᠯ | ᠬᠤᠷᠠᠯᠳᠤᠭᠤᠯᠬᠤ ᠪᠣᠯᠤᠨ᠎ᠠ᠃ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ᠂ ᠬᠠᠩᠭᠠᠬᠤ ᠪᠠ ᠰᠤᠯᠠ ᠪᠠᠶᠢᠭ᠎ᠠ | ᠦᠷ᠎ᠡ ᠠᠰᠢᠭ ᠳᠤᠤᠷ᠎ᠠ ᠭᠠᠵᠠᠷ ᠰᠢᠷᠣᠶ ᠶᠢ ᠰᠢᠢᠳᠪᠦᠷᠢᠯᠡᠬᠦ ᠪᠠᠷ ᠳᠠᠮᠵᠢᠭᠤᠯᠤᠨ᠂ ᠮᠠᠨ ᠤ ᠬᠤᠰᠢᠭᠤᠨ ᠤ ᠭᠠᠵᠠᠷ | ᠰᠢᠷᠣᠶ ᠶᠢᠨ ᠡᠬᠢ ᠪᠠᠶᠠᠯᠢᠭ ᠢ ᠪᠥᠬᠦ ᠲᠠᠯ᠎ᠠ ᠪᠠᠷ ᠠᠮᠢᠯᠠᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠪᠠᠲᠤᠯᠠᠪᠠ᠃ | ︵ᠵᠢᠷᠭᠤᠭ᠎ᠠ︶ ᠳᠤᠭᠲᠠᠮᠠᠯ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠶᠢ | ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠨ᠊ᠵᠭᠡ ᠳᠤ᠂ | 2021 ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠵᠦ᠂ | ᠲᠤᠭ᠎ᠠ ᠪᠠᠷᠢᠮᠲᠠ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠥᠭᠡᠳ | ᠤᠯᠤᠰ ᠲᠤ ᠮᠡᠳᠡᠭᠦᠯᠦᠭᠰᠡᠨ ᠪᠠᠢᠨ᠎ᠠ᠃ ᠬᠤᠶᠠᠷ ᠲᠤ᠂ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠨᠡᠶᠢᠲᠡᠯᠡᠭᠰᠡᠨ ᠪᠥᠭᠡᠳ ᠠᠰᠢᠭᠯᠠᠯᠲᠠ ᠳᠤ | ᠣᠷᠣᠭᠤᠯᠵᠤ᠂ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠬᠠᠮᠲᠤ ᠪᠠᠷ ᠬᠡᠷᠡᠭᠯᠡᠬᠦ ᠶᠢ ᠪᠡᠶᠡᠯᠡᠭᠦᠯᠪᠡ᠃ ᠭᠤᠷᠪᠠ ᠳᠤ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠲᠣᠭᠲᠠᠭᠠᠭᠰᠠᠨ ᠲᠤᠭ᠎ᠠ ᠪᠠᠷᠢᠮᠲᠠ ᠶᠢ ᠵᠠᠰᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠪᠠᠲᠤᠬᠠᠭᠠᠯᠭ᠎ᠠ | ᠪᠠᠯᠭᠠᠰᠤᠨ ᠤ 3 ᠭᠠᠴᠠᠭ᠎ᠠ᠂ ᠳᠠᠷᠬᠠᠨ ᠰᠤᠮᠤᠨ ᠤ 3 ᠭᠠᠴᠠᠭᠠᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠲᠣᠭᠲᠠᠭᠠᠭᠰᠠᠨ ᠲᠤᠭ᠎ᠠ ᠪᠠᠷᠢᠮᠲᠠ ᠶᠢ ᠵᠠᠰᠠᠨ ᠰᠡᠷᠭᠦᠭᠡᠬᠦ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠲᠣᠭᠲᠠᠮᠠᠯ | ᠬᠥᠷᠥᠩᠭᠡ ᠶᠢᠨ ᠡᠷᠬᠡ ᠶᠢᠨ ᠦᠨᠡᠮᠯᠡᠯ ᠣᠯᠭᠤᠬᠤ ᠳᠤ ᠰᠠᠭᠤᠷᠢ ᠲᠠᠯᠪᠢᠪᠠ᠃ ᠣᠳᠣᠬᠠᠨ ᠪᠣᠯᠲᠠᠯ᠎ᠠ᠂ ᠰᠢᠨ᠎ᠡ ᠪᠠᠷ | ᠪᠠᠶᠢᠭᠤᠯᠬᠤ ᠲᠥᠷᠥᠯ ᠵᠦᠶ᠋ᠯ ᠤᠨ ᠵᠠᠭᠠᠭ ᠬᠠᠶᠢᠭᠰᠠᠨ ᠮᠡᠳᠡᠭᠦᠯᠦᠯᠲᠡ ᠶᠢ 29 ᠶᠢ ᠬᠢᠨᠠᠨ ᠪᠠᠶᠢᠴᠠᠭᠠᠵᠤ᠂ ᠨᠤᠲᠤᠭ | ᠪᠡᠯᠴᠢᠭᠡᠷ ᠤᠨ ᠲᠥᠷᠥᠯ ᠤᠨ ᠡᠷᠬᠡ ᠶᠢᠨ ᠬᠠᠷᠢᠶᠠᠯᠠᠯ ᠢ 728 ᠤᠳᠠᠭ᠎ᠠ ᠪᠠᠶᠢᠴᠠᠭᠠᠨ ᠯᠠᠪᠯᠠᠪᠠ᠃ ᠳᠥᠷᠪᠡ ᠳᠤ᠂ | ᠬᠤᠲᠠ ᠶᠢᠨ ᠳᠤᠭᠲᠠᠮᠠᠯ ᠬᠥᠷᠥᠩᠭᠡ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠮᠥᠩᠬᠡ ᠰᠤᠪᠠᠭ | app ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠪᠠᠶᠢᠴᠠᠭᠠᠨ | ᠯᠠᠪᠯᠠᠬᠤ᠂ ᠰᠦᠯᠵᠢᠶᠡᠨ ᠳᠡᠭᠡᠷ᠎ᠡ ᠭᠤᠶᠤᠴᠢᠯᠠᠬᠤ ᠶᠢ ᠪᠡᠶᠡᠯᠡᠭᠦᠯᠵᠦ᠂ ᠠᠯᠤᠰ ᠠᠴᠠ ᠬᠢᠨᠠᠨ ᠬᠠᠷᠭᠤᠭᠤᠯᠬᠤ᠂ ᠴᠠᠭ | ᠲᠤᠬᠠᠶ ᠳᠤᠨᠢ ᠭᠦᠢᠴᠡᠳᠬᠡᠳᠡᠭ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠰᠢᠨ᠎ᠡ ᠵᠠᠭᠪᠤᠷ ᠶᠢ | ᠪᠡᠶᠡᠯᠡᠭᠦᠯᠵᠡᠢ᠃ ᠣᠳᠣᠬᠠᠨ ᠪᠣᠯᠲᠠᠯ᠎ᠠ᠂ ᠳᠤᠭᠲᠠᠮᠠᠯ ᠬᠥᠷᠥᠩᠭᠡ ᠶᠢᠨ ᠴᠣᠩᠬᠤᠪᠴᠢ 1511 ᠬᠤᠪᠢ | ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠪᠡ᠂ ᠡᠭᠦᠨ ᠳᠤ ᠠᠩᠬ᠎ᠠ ᠤᠳᠠᠭᠠᠨ ᠤ ᠳᠡᠩᠰᠡᠯᠡᠯᠲᠡ | 14᠂ ᠰᠢᠯᠵᠢᠭᠦᠯᠦᠨ ᠳᠡᠩᠰᠡᠯᠡᠯᠲᠡ 329᠂ ᠪᠠᠷᠢᠴᠠᠭᠠᠨ ᠤ ᠳᠡᠩᠰᠡᠯᠡᠯᠲᠡ 122᠂ ᠪᠠᠷᠢᠴᠠᠭ᠎ᠠ ᠦᠭᠡᠢᠰᠬᠡᠬᠦ | ᠳᠡᠩᠰᠡᠯᠡᠯᠲᠡ 215᠂ ᠪᠠᠶᠢᠴᠠᠭᠠᠨ ᠪᠢᠲᠡᠭᠦᠮᠵᠢᠯᠡᠬᠦ ᠳᠡᠩᠰᠡᠯᠡᠯᠲᠡ 51᠂ ᠪᠠᠶᠢᠴᠠᠭᠠᠨ ᠯᠠᠪᠯᠠᠬᠤ ᠳᠡᠩᠰᠡᠯᠡᠯᠲᠡ | 780 ᠪᠣᠶ᠃ ᠳᠡᠭᠡᠷ᠎ᠡ ᠳᠤᠷᠠᠳᠤᠭᠰᠠᠨ ᠲᠤᠬᠠᠶᠢᠯᠠᠭᠰᠠᠨ ᠠᠵᠢᠯ ᠢ ᠴᠥᠮ ᠠᠮᠠᠯᠠᠯᠲᠠ ᠶᠢᠨ ᠬᠤᠭᠤᠴᠠᠭᠠᠨ ᠳᠤ | ᠰᠢᠢᠳᠪᠦᠷᠢᠯᠡᠪᠡ᠂ ᠬᠤᠭᠤᠴᠠᠭ᠎ᠠ ᠠᠴᠠ ᠬᠡᠲᠦᠷᠡᠭᠰᠡᠨ ᠵᠢᠱᠢᠶ᠎ᠡ ᠨᠢᠭᠡ ᠴᠦ ᠪᠠᠶᠢᠬᠤ ᠥᠬᠡᠶ᠃ ᠲᠠᠪᠤ ᠳᠤ᠂ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ︽ᠳᠤᠭᠲᠠᠮᠠᠯ ᠬᠥᠷᠥᠩᠭᠡ ᠶᠢᠨ ᠰᠦᠯᠵᠢᠶᠡᠨ ᠳᠡᠭᠡᠷ᠎ᠡ | ᠭᠠᠶᠢᠯᠢ ᠬᠦᠢᠴᠡᠳᠭᠡᠬᠦ︾ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠰᠢᠯᠭᠠᠯᠲᠠ ᠶᠢ ᠪᠡᠶᠡᠯᠡᠭᠦᠯᠵᠦ᠂ ᠰᠢᠨ᠎ᠡ ᠪᠠᠷ | ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠠᠷᠠᠯᠵᠢᠶᠠᠯᠠᠬᠤ ᠪᠠ ᠭᠠᠷ ᠳᠠᠮᠵᠢᠭᠰᠠᠨ ᠬᠡᠷ ᠪᠠᠶᠢᠰᠢᠩ ᠢ | ᠠᠷᠠᠯᠵᠢᠶᠠᠯᠠᠬᠤ ᠲᠤᠬᠠᠶᠢᠯᠠᠭᠰᠠᠨ ᠠᠵᠢᠯ ᠤᠨ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ | ᠰᠦᠯᠵᠢᠶᠡᠨ ᠳᠡᠭᠡᠷ᠎ᠡ ᠭᠦᠢᠴᠡᠳᠬᠡᠭᠦ ᠪᠠ ᠭᠠᠶᠢᠯᠢ ᠲᠤᠰᠢᠶᠠᠬᠤ ᠶᠢ ᠪᠡᠶᠡᠯᠡᠭᠦᠯᠪᠡ᠃ ᠵᠢᠷᠭᠤᠭ᠎ᠠ ᠳᠤ᠂ ᠠᠷᠠᠳ | ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠢ ᠢᠯᠭᠠᠷᠠᠭᠤᠯᠤᠨ ᠪᠠᠶᠢᠴᠠᠭᠠᠬᠤ ᠠᠵᠢᠯ ᠢ ᠰᠠᠶᠢᠲᠤᠷ | ᠦᠷᠨᠢᠭᠦᠯᠪᠡ᠃ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠲᠤ ᠪᠣᠳᠠᠰ ᠤᠨ | ᠬᠡᠮᠵᠢᠶ᠎ᠡ ᠶᠢ ᠢᠯᠭᠠᠷᠠᠭᠤᠯᠤᠨ ᠪᠠᠶᠢᠴᠠᠭᠠᠭᠰᠠᠨ ᠲᠤᠷᠰᠢᠯᠲᠠ ᠶᠢᠨ ᠴᠢᠨᠠᠷᠲᠠᠶ ᠦᠷ᠎ᠡ ᠪᠦᠲᠦᠭᠡᠯ ᠢ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ ᠲᠠᠢ ᠭᠤᠷᠪᠠ ᠤᠳᠠᠭ᠎ᠠ | ᠬᠤᠷᠢᠶᠠᠩᠭᠤᠶᠢᠯᠠᠨ ᠲᠤᠰᠢᠶᠠᠬᠤ ᠶᠢᠨ ᠬᠠᠮᠲᠤ 3 ᠰᠠᠷ᠎ᠠ ᠶᠢᠨ 20 ᠤ ᠡᠳᠦᠷ ᠨᠢᠭᠡᠳᠦᠭᠡᠷ ᠤᠳᠠᠭᠠᠨ ᠤ ᠤᠯᠤᠰ ᠤᠨ | ᠲᠠᠰ ᠤᠨ ᠬᠤᠷᠢᠶᠠᠩᠭᠤᠶᠢᠯᠠᠨ ᠲᠤᠰᠢᠶᠠᠬᠤ ᠶᠢ ᠪᠡᠶᠡᠯᠡᠭᠦᠯᠪᠡ᠃ | ︵ᠳᠣᠯᠤᠭ᠎ᠠ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ | ᠠᠳᠬᠤᠵᠤ᠂ ᠠᠭᠤᠷᠬᠠᠶ ᠶᠢᠨ ᠠᠮᠢ ᠠᠬᠤᠶ ᠶᠢᠨ ᠰᠡᠯᠭᠦᠨ ᠰᠡᠷᠭᠦᠬᠦ ᠶᠢ ᠲᠦᠯᠬᠢᠨ ᠠᠬᠢᠭᠤᠯᠪᠠ᠃ ᠨᠢᠭᠡ ᠳᠤ᠂ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠥᠷᠪᠡᠳᠦᠭᠡᠷ ᠡᠭᠡᠯᠵᠢ ᠶᠢᠨ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠤᠨ ᠲᠥᠯᠥᠪᠵᠢᠭᠦᠯᠭᠡ ︵2021-2025 ᠣᠨ︶︾ ︵ᠡᠬᠡ ᠨᠤᠤᠷᠠᠭ︶ ᠶᠢ ᠪᠡᠶᠡᠯᠡᠭᠦᠯᠵᠦ᠂ | ᠣᠲᠣ ᠶᠠᠭ ᠰᠠᠨᠠᠯ ᠬᠤᠷᠢᠶᠠᠵᠤ ᠪᠠᠶᠢᠨ᠎ᠠ᠃ ᠬᠤᠶᠠᠷ ᠲᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ︵ | 2021-2035 ᠣᠨ︶︾ ᠪᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠲᠥᠯᠥᠪᠵᠢᠭᠦᠯᠭᠡ ︵2021-2025 ᠣᠨ︶︾ ᠶᠢ ᠨᠠᠶᠢᠷᠠᠭᠤᠯᠤᠨ ᠵᠣᠬᠢᠶᠠᠬᠤ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠡᠬᠢᠨ ᠬᠤᠭᠤᠴᠠᠭᠠᠨ ᠤ ᠲᠤᠭ᠎ᠠ ᠪᠠᠷᠢᠮᠲᠠ ᠪᠠ ᠮᠠᠲ᠋ᠧᠷᠢᠶᠠᠯ ᠢ ᠴᠤᠭᠯᠠᠭᠤᠯᠬᠤ | ᠠᠵᠢᠯ ᠢ ᠨᠢᠭᠡᠨᠲᠡ ᠳᠠᠭᠤᠰᠬᠠᠵᠤ᠂ ᠣᠲᠣ ᠶᠠᠭ ᠨᠠᠶᠢᠷᠠᠭᠤᠯᠤᠨ ᠵᠣᠬᠢᠶᠠᠵᠤ ᠪᠠᠶᠢᠨ᠎ᠠ᠃ ᠭᠤᠷᠪᠠ ᠳᠤ᠂ 2021 | ᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠤᠭ᠎ᠠ ᠪᠦᠷᠢᠳᠬᠡᠯ ᠤᠨ ᠰᠢᠭᠤᠳ | ᠮᠡᠳᠡᠭᠦᠯᠬᠦ ᠬᠠᠮᠢᠶᠠᠷᠤᠯᠲᠠ ᠶᠢᠨ ᠵᠠᠳᠠᠯᠤᠯᠲᠠ ᠶᠢᠨ ᠰᠢᠰᠲ᠋ᠧᠮ᠂ ᠬᠠᠳᠠᠭᠠᠯᠠᠭᠳᠠᠴᠠ ᠶᠢᠨ ᠳ᠋ᠠᠶᠢᠲ᠋ᠠ ᠬᠥᠮᠥᠷᠭᠡ ᠶᠢᠨ | ᠬᠠᠮᠢᠶᠠᠷᠤᠯᠲᠠ ᠶᠢᠨ ᠰᠢᠰᠲ᠋ᠧᠮ ᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠶᠢᠨ ᠬᠠᠮᠲᠤ 2021 ᠣᠨ ᠤ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠵᠦ | ᠲᠠᠭᠯᠠᠨ ᠮᠡᠳᠡᠭᠦᠯᠬᠦ ᠠᠵᠢᠯ ᠪᠠ ᠠᠭᠤᠷᠬᠠᠶ ᠶᠢᠨ ᠦᠶ᠋ᠯᠡᠰ ᠤᠨ ᠡᠷᠬᠡ ᠶᠢᠨ ᠣᠨ ᠤ ᠪᠠᠶᠢᠴᠠᠭᠠᠯᠲᠠ ᠶᠢᠨ ᠮᠡᠳᠡᠭᠡ | ᠵᠠᠩᠭᠢ ᠶᠢ ᠵᠠᠷᠯᠠᠨ ᠨᠡᠶᠢᠲᠡᠯᠡᠬᠦ ᠠᠵᠢᠯ ᠢ ᠵᠡᠷᠭᠡᠪᠡᠷ ᠥᠷᠨᠢᠭᠦᠯᠪᠡ᠃ ᠳᠥᠷᠪᠡ ᠳᠤ᠂ ᠠᠭᠤᠷᠬᠠᠶ ᠶᠢᠨ ᠦᠢᠯᠡᠰ ᠤᠨ | ᠡᠷᠬᠡ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠦᠷᠨᠢᠭᠦᠯᠪᠡ᠃ ᠠᠭᠤᠷᠬᠠᠶ ᠮᠠᠯᠲᠠᠬᠤ | ᠡᠷᠬᠡ ᠶᠢᠨ ᠠᠭᠤᠷᠬᠠᠶ ᠶᠢᠨ ᠣᠷᠣᠨ ᠤ ᠬᠡᠪᠴᠢᠶ᠎ᠡ ᠶᠢ ᠪᠠᠶᠢᠴᠠᠭᠠᠨ ᠬᠠᠷᠭᠤᠭᠤᠯᠬᠤ ᠰᠠᠨᠠᠯ 4 ᠬᠤᠪᠢ ᠭᠠᠷᠭᠠᠪᠠ᠃ | ᠠᠭᠤᠷᠬᠠᠢ ᠬᠠᠶᠢᠬᠤ ᠡᠷᠬᠡ ᠶᠢᠨ ᠦᠷᠭᠦᠯᠵᠢᠯᠡᠬᠦ ᠭᠠᠷᠳᠠᠮ 6 ᠶᠢ ᠭᠦᠢᠴᠡᠳᠬᠡᠵᠦ᠂ ᠦᠯᠡᠳᠡᠬᠦ ᠭᠠᠷᠳᠠᠮ 4 ᠶᠢ | ᠭᠦᠢᠴᠡᠳᠬᠡᠵᠦ᠂ ᠰᠠᠯᠭᠠᠬᠤ ᠭᠠᠷᠳᠠᠮ 1 ᠶᠢ ᠭᠦᠢᠴᠡᠳᠬᠡᠪᠡ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ | ᠡᠭᠤᠷᠬᠠᠶ ᠶᠢᠨ ᠭᠠᠷᠤᠯᠲᠠ ᠲᠠᠢ ᠳᠠᠪᠬᠤᠴᠠᠭᠰᠠᠨ ᠢ ᠤᠷᠢᠳᠴᠢᠯᠠᠨ ᠪᠠᠢᠴᠠᠭᠠᠬᠤ ᠭᠠᠷᠳᠠᠮ 6 ᠶᠢ ᠭᠦᠢᠴᠡᠳᠬᠡᠵᠦ᠂ | ᠪᠠᠢᠴᠠᠭᠠᠬᠤ ᠭᠠᠷᠳᠠᠮ 18 ᠶᠢ ᠭᠦᠢᠴᠡᠳᠬᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠦᠩ ᠹᠧᠩ | ᠵᠡᠷᠭᠡ 5 ᠴᠢᠯᠠᠭᠤᠨ ᠮᠠᠯᠲᠠᠬᠤ ᠲᠠᠯᠠᠪᠠᠢ ᠶᠢ ᠨᠡᠭᠡᠭᠡᠨ ᠠᠰᠢᠭᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ᠂ ᠡᠬᠢ | ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠬᠠᠷᠭᠤᠭᠤᠯᠬᠤ ᠮᠡᠳᠡᠭᠦᠯᠦᠯᠲᠡ ᠶᠢ ᠬᠢᠨᠠᠨ ᠲᠣᠭᠲᠠᠭᠠᠵᠤ ᠳᠠᠩᠰᠠᠯᠠᠬᠤ ᠪᠠ | ᠦᠨ᠎ᠡ ᠬᠠᠩᠰᠢ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠵᠦ᠂ ᠬᠤᠲᠠ ᠶᠢᠨ ᠲᠣᠪᠴᠢᠶ᠎ᠠ ᠳᠤ ᠮᠡᠳᠡᠭᠦᠯᠦᠨ | ᠨᠡᠢᠲᠡᠯᠡᠭᠦᠯᠪᠡ᠃ ᠬᠠᠰᠢᠶᠠᠲᠤ ᠶᠢᠨ ᠬᠠᠶᠢᠯᠤᠭᠤᠷ ᠵᠣᠩᠰᠢ ᠶᠢᠨ ᠠᠭᠤᠷᠬᠠᠶ᠂ ᠴᠢᠶᠠᠨ ᠳ᠋ᠡ ᠮᠤᠤ ᠬᠠᠶᠢᠯᠤᠭᠤᠷ | ᠵᠣᠩᠰᠢ ᠶᠢᠨ ᠠᠭᠤᠷᠬᠠᠶ ᠵᠡᠷᠭᠡ 6 ᠠᠭᠤᠷᠬᠠᠶ ᠶᠢᠨ ᠭᠦᠨ ᠬᠡᠰᠡᠭ ᠤᠨ ᠠᠭᠤᠷᠬᠠᠶ ᠬᠠᠶᠢᠬᠤ ᠡᠷᠬᠡ ᠶᠢ ᠪᠠᠶᠢᠭᠤᠯᠵᠤ᠂ | ᠨᠥᠭᠦᠭᠡ 5 ᠠᠭᠤᠷᠬᠠᠶ ᠮᠠᠯᠲᠠᠬᠤ ᠡᠷᠬᠡ ᠶᠢᠨ ᠭᠦᠨ ᠬᠡᠰᠡᠭ ᠤᠨ ᠠᠭᠤᠷᠬᠠᠶ ᠬᠠᠶᠢᠬᠤ ᠡᠷᠬᠡ ᠭᠠᠷᠭᠠᠬᠤ | ᠭᠤᠶᠤᠴᠢᠯᠠᠯ ᠢ ᠳᠡᠭᠡᠭᠰᠢ ᠮᠡᠳᠡᠭᠦᠯᠵᠦ ᠬᠢᠨᠠᠨ ᠬᠠᠷᠭᠤᠭᠤᠯᠵᠤ ᠪᠠᠶᠢᠨ᠎ᠠ᠃ 11 ᠬᠤᠭᠤᠴᠠᠭ᠎ᠠ ᠨᠢ ᠥᠩᠭᠡᠷᠡᠭᠰᠡᠨ | ᠠᠭᠤᠷᠬᠠᠶ ᠮᠠᠯᠲᠠᠬᠤ ᠡᠷᠬᠡ ᠶᠢ ᠴᠡᠪᠡᠷᠯᠡᠬᠦ ᠠᠵᠢᠯ ᠢ ᠥᠷᠨᠢᠭᠦᠯᠪᠡ᠃ ᠲᠠᠪᠤ ᠳᠤ᠂ 11 ᠠᠭᠤᠷᠬᠠᠶ ᠮᠠᠯᠲᠠᠬᠤ ᠠᠵᠤ | ᠠᠬᠤᠶᠢᠯᠠᠯ ᠳᠤ ᠴᠢᠭᠯᠡᠭᠦᠯᠦᠨ ᠬᠤᠲᠠ ᠶᠢᠨ ᠲᠣᠪᠴᠢᠶ᠎ᠠ ᠠᠴᠠ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ | ᠠᠰᠢᠭᠯᠠᠬᠤ ᠲᠥᠪ ᠲᠤ ᠨᠠᠶᠢᠳᠠᠵᠤ 2022 ᠣᠨ ᠤ ᠠᠭᠤᠷᠬᠠᠶ ᠶᠢᠨ ᠪᠣᠳᠠᠲᠠᠶ ᠬᠡᠮᠵᠢᠯᠲᠡ ᠶᠢᠨ ᠠᠵᠢᠯ ᠢ ᠶᠠᠭ | ᠥᠷᠨᠢᠭᠦᠯᠵᠦ ᠪᠠᠶᠢᠨ᠎ᠠ᠃ ᠵᠢᠷᠭᠤᠭ᠎ᠠ ᠳᠤ᠂ ᠱᠠᠭᠠᠷᠳᠠᠯᠭ᠎ᠠ ᠶᠣᠰᠣᠭᠠᠷ ᠳᠤᠭᠲᠠᠭᠰᠠᠨ ᠴᠠᠭ ᠲᠤ ᠲᠥᠪ ᠤᠨ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠥᠪᠡᠰᠦᠪᠡᠨ ᠪᠠᠶᠢᠴᠠᠭᠠᠬᠤ ᠪᠠ ᠳ᠋ᠦᠩᠨᠡᠵᠦ ᠳᠡᠭᠡᠭᠰᠢ | ᠮᠡᠳᠡᠭᠦᠯᠬᠦ ᠠᠵᠢᠯ ᠢ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠢᠳᠡᠪᠬᠢᠲᠡᠶ ᠠᠬᠢᠭᠤᠯᠵᠤ᠂ ᠮᠠᠨ ᠤ ᠲᠣᠪᠴᠢᠶ᠎ᠠ ᠲᠦᠷᠦᠭᠦᠯᠡᠨ ᠬᠢᠭᠰᠡᠨ ᠪᠤᠶᠤ | ᠬᠠᠮᠵᠢᠯᠴᠠᠭᠰᠠᠨ 10 ᠠᠰᠠᠭᠤᠳᠠᠯ ᠢ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠳᠣᠯᠤᠭ᠎ᠠ ᠳᠤ᠂ | ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ 2021 ᠣᠨ ᠤ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠤ ᠬᠥᠳᠡᠯᠦᠩᠭᠦᠶ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠪᠦᠷᠢᠳᠬᠡᠨ ᠡᠮᠬᠢᠯᠡᠵᠦ ᠳᠡᠭᠡᠭᠰᠢ ᠮᠡᠳᠡᠭᠦᠯᠬᠦ | ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠥᠬᠡᠶ ᠬᠠᠶᠠᠭᠳᠠᠮᠠᠯ ᠠᠭᠤᠷᠬᠠᠶ ᠶᠢᠨ ᠪᠠᠶᠢᠴᠠᠭᠠᠯᠲᠠ ᠶᠢᠨ | ᠠᠵᠢᠯ ᠢ ᠪᠡᠶᠡᠯᠡᠭᠦᠯᠪᠡ᠃ ᠨᠠᠶᠢᠮᠠ ᠳᠤ᠂ ᠪᠠᠶᠠᠨᠵᠢᠷᠦᠬᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ | ᠦᠢᠯᠡᠳᠪᠦᠷᠢ ᠠᠭᠤᠷᠬᠠᠶ ᠶᠢᠨ ᠭᠠᠵᠠᠷ ᠰᠢᠷᠣᠶ ᠶᠢ ᠴᠡᠭᠴᠡᠯᠡᠨ ᠵᠠᠰᠠᠬᠤ ᠲᠥᠷᠥᠯ ᠵᠦᠢᠯ ᠢ ᠢᠳᠡᠪᠬᠢᠲᠡᠶ ᠠᠬᠢᠭᠤᠯᠪᠠ᠃ | ᠣᠳᠣᠬᠠᠨ ᠳᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠢᠨᠵᠧᠨᠧᠷᠢᠩ ᠤᠨ ᠵᠢᠷᠤᠭ ᠲᠥᠯᠥᠪᠯᠡᠭᠡ ᠳᠤ | ᠴᠣᠬᠤᠯᠠᠪᠤᠷᠢ ᠬᠢᠵᠦ᠂ ᠣᠳᠣ ᠶᠠᠭ ᠲᠥᠯᠥᠪᠯᠡᠭᠡ ᠶᠣᠰᠣᠭᠠᠷ ᠲᠥᠷᠥᠯ ᠵᠦᠢᠯ ᠤᠨ ᠠᠵᠢᠯᠯᠠᠬᠤ ᠪᠠ ᠬᠢᠨᠠᠨ | ᠬᠠᠮᠢᠶᠠᠷᠬᠤ ᠨᠢᠭᠡᠴᠢ ᠶᠢᠨ ᠳᠠᠭᠠᠭᠠᠴᠢᠯᠠᠯᠲᠠ ᠵᠠᠷᠯᠠᠬᠤ ᠶᠢ ᠠᠬᠢᠭᠤᠯᠵᠤ ᠪᠠᠶᠢᠨ᠎ᠠ᠃ ᠶᠢᠰᠦ ᠳᠤ᠂ ᠨᠡᠶᠢᠭᠡᠮ ᠤᠨ | ᠬᠥᠷᠥᠩᠭᠡ ᠶᠢ ᠣᠷᠣᠯᠴᠠᠭᠤᠯᠬᠤ ᠠᠷᠭ᠎ᠠ ᠮᠠᠶ᠋ᠢᠭ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠭᠰᠠᠨ ᠡᠵᠡᠨ ᠦᠭᠡᠶ ᠠᠭᠤᠷᠬᠠᠶ ᠶᠢ ᠵᠠᠰᠠᠬᠤ ᠠᠵᠢᠯ ᠢ ᠥᠷᠨᠢᠭᠦᠯᠪᠡ᠃ ᠳᠤᠮᠳᠠᠳᠤ | ᠤᠯᠤᠰ ᠤᠨ ᠬᠢᠮᠢ ᠶᠢᠨ ᠭᠠᠵᠠᠷ ᠰᠢᠨᠵᠢᠯᠡᠭᠡᠨ ᠤ ᠠᠭᠤᠷᠬᠠᠶ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠬᠦᠷᠢᠶᠡᠯᠡᠩ ᠲᠠᠢ ᠵᠥᠪᠳᠡᠯᠴᠡᠵᠦ᠂ ᠡᠮᠦᠨᠡᠬᠢ ᠬᠤᠭᠤᠴᠠᠭᠠᠨ ᠤ | ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠠᠵᠢᠯ ᠪᠠ ᠵᠥᠪᠯᠡᠯᠴᠡᠭᠡᠷ ᠲᠣᠭᠲᠠᠬᠤ ᠶᠢ ᠥᠷᠨᠢᠭᠦᠯᠵᠦ᠂ ᠡᠵᠡᠨ | ᠥᠬᠡᠶ ᠬᠠᠶᠠᠭᠳᠠᠮᠠᠯ ᠠᠭᠤᠷᠬᠠᠶ ᠶᠢ ᠲᠥᠯᠥᠪᠯᠡᠭᠡ ᠲᠠᠢ ᠪᠠᠷ ᠵᠠᠰᠠᠬᠤ ᠠᠵᠢᠯ ᠢ ᠥᠷᠨᠢᠭᠦᠯᠪᠡ᠃ ᠠᠷᠪᠠ ᠳᠤ᠂ | ᠪᠣᠬᠢᠷᠲᠤᠯ ᠥᠬᠡᠶ ᠠᠭᠤᠷᠬᠠᠶ ᠪᠠ ᠠᠭᠤᠷᠬᠠᠶ ᠶᠢᠨ ᠭᠧᠣᠯᠣᠭᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ | ᠢᠳᠡᠪᠬᠢᠲᠡᠶ ᠥᠷᠨᠢᠭᠦᠯᠪᠡ᠃ ᠠᠭᠤᠷᠬᠠᠢ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠷᠢᠮᠵᠢᠶ᠎ᠠ ᠶᠣᠰᠣᠭᠠᠷ | ᠪᠣᠬᠢᠷᠲᠤᠯ ᠦᠭᠡᠢ ᠠᠭᠤᠷᠬᠠᠢ ᠢ ᠪᠦ᠋ᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠱᠠᠭᠠᠷᠳᠠᠯᠭ᠎ᠠ ᠶᠣᠰᠣᠭᠠᠷ | ᠵᠢᠯ ᠤᠨ ᠵᠠᠰᠠᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠵᠤ ᠪᠦᠷᠢᠳᠬᠡᠨ ᠳᠠᠩᠰᠠᠯᠠᠬᠤ | ᠪᠠ ᠰᠠᠭᠤᠷᠢ ᠮᠥᠩᠭᠦ ᠶᠢ ᠪᠣᠳᠣᠵᠤ ᠠᠪᠬᠤ ᠠᠵᠢᠯ ᠢ ᠥᠷᠨᠢᠭᠦᠯᠦᠨ᠂ 21 ᠠᠭᠤᠷᠬᠠᠢ ᠶᠢᠨ ᠵᠢᠯ ᠤᠨ ᠵᠠᠰᠠᠯᠲᠠ ᠶᠢᠨ | ᠲᠥᠯᠥᠪᠯᠡᠭᠡ ᠶᠢ ᠪᠦᠷᠢᠳᠬᠡᠨ ᠳᠠᠩᠰᠠᠯᠠᠬᠤ ᠶᠢᠨ ᠬᠠᠮᠲᠤ ᠰᠠᠭᠤᠷᠢ ᠮᠥᠩᠭᠦ ᠶᠢ ᠪᠣᠳᠣᠵᠤ ᠠᠪᠬᠤ ᠮᠡᠳᠡᠭᠳᠡᠯ | ᠪᠠᠭᠤᠯᠭᠠᠪᠠ᠃ ᠠᠷᠪᠠᠨ ᠨᠢᠭᠡ ᠳᠤ᠂ ᠪᠠᠶᠢᠭᠠᠯᠢ ᠶᠢᠨ ᠡᠬᠢ ᠪᠠᠶᠠᠯᠢᠭ ᠤᠨ ᠬᠡᠪᠴᠢᠶᠡᠨ ᠳᠠᠬᠢ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠭᠦᠢᠴᠡᠳᠬᠡᠪᠡ᠃ | ᠣᠳᠣᠬᠠᠨ ᠳᠤ ᠨᠡᠶᠢᠲᠡ 66 ᠠᠵᠤ ᠠᠬᠤᠶᠢᠯᠠᠯ ᠢ ᠪᠠᠶᠢᠴᠠᠭᠠᠵᠤ᠂ 228 ᠬᠥᠮᠦᠨ ᠭᠠᠷᠭᠠᠨ ᠪᠠᠶᠢᠴᠠᠭᠠᠯᠲᠠ ᠬᠢᠵᠦ᠂ | 1 ᠳᠠᠯᠳᠠ ᠠᠶᠤᠯ ᠢ ᠢᠯᠡᠷᠡᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠪᠠ᠃ ᠠᠷᠪᠠᠨ ᠬᠤᠶᠠᠷ ᠲᠤ᠂ ᠦᠶᠡᠷ ᠤᠨ | ᠬᠤᠭᠤᠴᠠᠭᠠᠨ ᠤ ᠭᠧᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2022 ᠣᠨ ᠤ ᠭᠧᠣᠯᠣᠭᠢ ᠶᠢᠨ ᠭᠠᠮᠰᠢᠭ ᠢ ᠰᠡᠷᠭᠡᠶᠢᠯᠡᠨ | ᠵᠠᠰᠠᠬᠤ ᠲᠥᠰᠦᠯ︾ ᠢ ᠲᠤᠭᠤᠷᠪᠢᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ | ᠬᠠᠷᠭᠤᠭᠤᠯᠤᠭᠰᠠᠨ ᠤ ᠳᠠᠷᠠᠭ᠎ᠠ ᠨᠡᠶᠢᠲᠡᠯᠡᠵᠦ᠂ 24 ᠴᠠᠭ ᠤᠨ ᠦᠶᠡᠷ ᠤᠨ ᠬᠤᠭᠤᠴᠠᠭᠠᠨ ᠳᠤ ᠵᠢᠵᠢᠭᠦᠷᠯᠡᠬᠦ | ᠲᠦᠷᠢᠮ ᠢ ᠴᠢᠩᠭ᠎ᠠ ᠨᠠᠢᠳᠠᠪᠤᠷᠢᠵᠢᠭᠤᠯᠪᠠ᠃ | ︵ ᠨᠠᠶᠢᠮᠠ︶ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ | ᠡᠬᠢ ᠪᠠᠶᠠᠯᠢᠭ ᠢ ᠨᠡᠭᠡᠭᠡᠵᠦ ᠠᠰᠢᠭᠯᠠᠬᠤ ᠡᠮᠬᠢ ᠳᠢᠭᠯᠢᠮ ᠢ ᠬᠠᠮᠠᠭᠠᠯᠠᠪᠠ᠃ ᠨᠢᠭᠡ ᠳᠤ᠂ ᠬᠠᠤᠯᠢ | ᠬᠡᠷᠡᠭᠵᠢᠭᠦᠯᠦᠯᠲᠡ ᠶᠢᠨ ᠬᠥᠳᠡᠯᠦᠩᠭᠦᠢ ᠲᠣᠭᠤᠷᠢᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠲᠡ ᠢᠯᠡᠷᠡᠭᠦᠯᠬᠦ᠂ ᠡᠷᠲᠡ ᠬᠤᠷᠢᠭᠯᠠᠬᠤ᠂ ᠴᠢᠩᠭ᠎ᠠ ᠪᠠᠶᠢᠴᠠᠭᠠᠨ | ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠪᠡ᠃ ᠣᠳᠣᠬᠠᠨ ᠪᠣᠯᠲᠠᠯ᠎ᠠ᠂ ᠨᠡᠶᠢᠲᠡ 108 ᠤᠳᠠᠭ᠎ᠠ ᠲᠡᠷᠭᠡ | ᠬᠥᠳᠡᠯᠭᠡᠵᠦ᠂ 343 ᠬᠥᠮᠦᠨ ᠭᠠᠷᠭᠠᠨ ᠲᠣᠭᠤᠷᠢᠨ ᠪᠠᠶᠢᠴᠠᠭᠠᠵᠤ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠬᠠᠶ ᠶᠢᠨ ᠭᠠᠵᠠᠷ ᠲᠤᠨᠢ ᠬᠤᠷᠢᠭᠯᠠᠭᠰᠠᠨ ᠤ | ᠬᠠᠮᠲᠤ ︽ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠬᠤ ᠮᠡᠳᠡᠭᠳᠡᠯ ᠤᠨ ᠪᠢᠴᠢᠭ︾ | 1 ᠬᠤᠪᠢ ᠪᠠᠭᠤᠯᠭᠠᠪᠠ᠃ ᠬᠤᠶᠠᠷ ᠲᠤ᠂ ᠳᠠᠭᠠᠭᠤᠯᠢ ᠣᠳᠣᠨ ᠤ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠵᠢᠴᠢ ᠭᠡᠷᠡᠴᠢ ᠳᠤᠷᠠᠳᠬᠤ ᠶᠢ ᠬᠢᠨᠠᠮᠠᠭᠠᠶ | ᠥᠷᠨᠢᠭᠦᠯᠪᠡ᠃ ᠣᠳᠣᠬᠠᠨ ᠪᠣᠯᠲᠠᠯ᠎ᠠ ᠨᠡᠶᠢᠲᠡ 40 ᠵᠢᠷᠤᠭ ᠤᠨ ᠲᠣᠯᠪᠤ ᠪᠠᠭᠤᠯᠭᠠᠪᠠ᠂ ᠡᠭᠦᠨ ᠤ ᠳᠣᠲᠣᠷᠠᠬᠢ 14 | ᠵᠢᠷᠤᠭ ᠤᠨ ᠲᠣᠯᠪᠤ ᠨᠢ ᠨᠢᠭᠡᠨᠲᠡ ᠭᠡᠷᠡᠴᠢ ᠳᠤᠷᠠᠳᠴᠤ ᠳᠠᠭᠤᠰᠴᠠᠶ᠂ ᠪᠤᠰᠤᠳ 26 ᠵᠢᠷᠤᠭ ᠤᠨ ᠲᠣᠯᠪᠤ ᠨᠢ ᠶᠠᠭ | ᠭᠡᠷᠡᠴᠢ ᠳᠤᠷᠠᠳᠬᠤ ᠮᠠᠲ᠋ᠧᠷᠢᠶᠠᠯ ᠪᠠᠨ ᠪᠡᠯᠡᠳᠬᠡᠵᠦ ᠪᠠᠶᠢᠨ᠎ᠠ᠃ ᠭᠤᠷᠪᠠ ᠳᠤ᠂ ᠪᠠᠶᠢᠭᠠᠯᠢ ᠶᠢᠨ ᠡᠬᠢ ᠪᠠᠶᠠᠯᠢᠭ ᠤᠨ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠢᠨᠠᠮᠠᠭᠠᠢ ᠨᠠᠶᠢᠳᠠᠪᠤᠷᠢᠵᠢᠭᠤᠯᠪᠠ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠳᠦᠷᠢᠮ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ︽12345︾ ᠬᠤᠲᠠ ᠶᠢᠨ ᠳᠠᠷᠤᠭ᠎ᠠ ᠶᠢᠨ | ᠬᠠᠯᠠᠮᠰᠢᠯ ᠤᠲᠠᠰᠤ ᠶᠢ 50 ᠤᠳᠠᠭ᠎ᠠ ᠬᠦᠯᠢᠶᠡᠨ ᠠᠪᠴᠤ᠂ ᠣᠯᠠᠨ ᠲᠦᠮᠡᠨ ᠤ ᠵᠠᠬᠢᠳᠠᠯ᠂ ᠤᠲᠠᠰᠤ᠂ | ᠰᠤᠷᠪᠤᠯᠵᠢᠯᠠᠭ᠎ᠠ ᠶᠢᠨ ᠲᠤᠰᠬᠠᠭᠰᠠᠨ ᠠᠰᠠᠭᠤᠨ ᠯᠠᠪᠯᠠᠬᠤ ᠬᠡᠷᠡᠭ ᠶᠠᠪᠤᠳᠠᠯ ᠢ ᠴᠠᠭ ᠲᠤᠬᠠᠢ ᠳᠤᠨᠢ ᠪᠠᠶᠢᠴᠠᠭᠠᠨ | ᠬᠠᠷᠭᠤᠭᠤᠯᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠳᠤ ᠬᠠᠷᠢᠭᠤ ᠥᠭᠪᠡ᠃ | ︵ᠶᠢᠰᠦ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠡ᠃ ᠨᠢᠭᠡ ᠳᠤ᠂ ︽ᠥᠪᠡᠷᠲᠡᠭᠡᠨ | ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ | ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠪᠠ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ 2020 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ 100 ᠵᠤᠷᠪᠤᠰ ︵ᠨᠢᠭᠡᠳᠦᠭᠡᠷ ᠪᠦᠯᠦᠭ︶ ᠤᠨ ᠨᠠᠷᠢᠨ | ᠬᠠᠭᠤᠳᠠᠰᠤ︾ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠬᠤᠶᠠᠷ ᠲᠤ᠂ ᠲᠠᠰ ᠳᠠᠷᠠᠭᠠᠯᠠᠯ ᠪᠠ | ᠬᠦᠢᠴᠡᠳᠭᠡᠬᠦ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ | ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠠᠤᠯᠢ ᠶᠣᠰᠣᠭᠠᠷ ᠭᠥᠯᠢᠶᠡᠨ ᠠᠪᠴᠤ ᠰᠢᠢᠳᠪᠦᠷᠢᠯᠡᠨ᠂ | ᠣᠳᠣᠬᠠᠨ ᠳᠤ ᠨᠡᠶᠢᠲᠡ 233 ᠬᠤᠪᠢ ︵ᠰᠦᠯᠵᠢᠶᠡᠨ ᠳᠡᠭᠡᠷ᠎ᠡ 40 ᠬᠤᠪᠢ᠂ ᠰᠦᠯᠵᠢᠶᠡᠨ ᠭᠠᠳᠠᠨ᠎ᠠ 193 | ᠬᠤᠪᠢ︶ ᠭᠥᠯᠢᠶᠡᠨ ᠠᠪᠴᠤ ᠰᠢᠢᠳᠪᠦᠷᠢᠯᠡᠨ᠂ ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ | ᠨᠣᠷᠮ᠎ᠠ ᠪᠠ ᠭᠥᠯᠢᠶᠡᠨ ᠠᠪᠴᠤ ᠵᠣᠴᠢᠯᠠᠭᠰᠠᠨ ᠣᠯᠠᠨ ᠲᠦᠮᠡᠨ ᠤ ᠲᠠᠭᠠᠰᠢᠶᠠᠯ ᠤᠨ ᠨᠣᠷᠮ᠎ᠠ 100 % ᠳᠤ | ᠬᠦᠷᠴᠦ᠂ ᠬᠤᠭᠤᠴᠠᠭ᠎ᠠ ᠠᠴᠠ ᠬᠡᠲᠦᠷᠡᠭᠰᠡᠨ᠂ ᠵᠠᠭᠠᠯᠳᠤᠯᠭ᠎ᠠ ᠬᠢᠭᠰᠡᠨ ᠵᠡᠷᠭᠡ ᠦᠵᠡᠭᠳᠡᠯ ᠭᠠᠷᠤᠭᠰᠠᠨ ᠦᠭᠡᠢ᠃ | ᠬᠥᠲᠥᠯᠥᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠳᠠᠷᠠᠭ᠎ᠠ ᠠᠯᠬᠤᠮ ᠳᠤ ᠶᠠᠮᠠᠷ ᠲᠥᠯᠥᠪᠯᠡᠭᠡ ᠲᠠᠢ ᠪᠣᠶ | ᠵᠣᠴᠢᠨ᠄ | ︵ᠨᠢᠭᠡ︶ ᠬᠠᠳᠠᠭᠠᠯᠠᠭᠳᠠᠵᠤ ᠪᠠᠶᠢᠭ᠎ᠠ ᠠᠭᠤᠷᠬᠠᠶ ᠶᠢᠨ ᠠᠵᠤ ᠠᠬᠤᠶᠢᠯᠠᠯ ᠢ ᠠᠮᠢᠵᠢᠷᠠᠭᠤᠯᠵᠤ᠂ ᠭᠦᠨᠳᠦ | ᠴᠢᠬᠤᠯᠠ ᠲᠥᠷᠥᠯ ᠵᠦᠢᠯ ᠤᠨ ᠪᠠᠲᠤᠯᠠᠭ᠎ᠠ ᠶᠢ ᠰᠠᠶᠢᠲᠤᠷ ᠬᠢᠨ᠎ᠡ᠃ ᠤᠷᠢᠳᠴᠢᠯᠠᠨ ᠠᠷᠭ᠎ᠠ ᠰᠦᠪᠡᠭᠴᠢᠯᠡᠨ | ᠪᠠᠶᠢᠷᠢᠯᠠᠭᠤᠯᠵᠤ᠂ ᠤᠷᠢᠳᠴᠢᠯᠠᠨ ᠦᠢᠯᠡᠴᠢᠯᠡᠵᠦ᠂ ᠬᠠᠳᠠᠭᠠᠯᠠᠭᠳᠠᠵᠤ ᠪᠠᠶᠢᠭ᠎ᠠ ᠠᠭᠤᠷᠬᠠᠶ ᠶᠢᠨ ᠠᠵᠤ ᠠᠬᠤᠶᠢᠯᠠᠯ ᠢ | ᠠᠮᠢᠵᠢᠷᠠᠭᠤᠯᠬᠤ ᠶᠢᠨ ᠬᠠᠮᠲᠤ ᠲᠥᠷᠥᠯ ᠵᠦᠢᠯ ᠤᠨ ᠲᠥᠯᠥᠪᠵᠢᠭᠦᠯᠭᠡ ᠪᠠ ᠭᠠᠵᠠᠷ ᠬᠡᠷᠡᠭᠯᠡᠬᠦ ᠪᠠᠲᠤᠯᠠᠭ᠎ᠠ ᠶᠢᠨ | ᠠᠵᠢᠯ ᠢ ᠰᠠᠶᠢᠲᠤᠷ ᠬᠢᠨ᠎ᠠ᠃ | ︵ᠬᠤᠶᠠᠷ︶ ᠡᠬᠢ ᠪᠠᠶᠠᠯᠢᠭ ᠤᠨ ᠡᠯᠧᠮᠧᠨ᠋ᠲ ᠢ ᠵᠦᠢ ᠵᠣᠬᠢᠰᠲᠠᠶ ᠲᠣᠬᠢᠷᠠᠭᠤᠯᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ︽ᠪᠣᠳᠠᠲᠠᠶ ᠲᠠᠢ ᠤᠶᠠᠯᠳᠤᠭᠤᠯᠤᠨ᠂ | ᠲᠤᠤᠱᠯᠠᠭᠤᠯᠤᠨ ᠨᠠᠶᠢᠳᠠᠪᠤᠷᠢᠵᠢᠭᠤᠯᠬᠤ︾ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠮᠠᠨ ᠤ ᠬᠤᠰᠢᠭᠤᠨ ᠤ | ︽ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠮᠢᠩᠭᠠᠨ ᠲᠦᠮᠡᠨ | ᠲᠣᠨ ᠤ ᠲᠠᠰ ᠤᠨ ᠠᠷᠠᠯᠵᠢᠶᠠᠨ ᠤ ᠪᠣᠭᠤᠮᠲᠠ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ | ᠦᠢᠯᠡᠳᠪᠦᠷᠢ ᠶᠢᠨ ᠲᠣᠭᠤᠷᠢᠭ︾ ᠢ ᠪᠠᠶᠢᠭᠤᠯᠬᠤ ᠬᠠᠷᠠᠯᠲᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠤᠨ | ᠡᠯᠧᠮᠧᠨ᠋ᠲ ᠢ ᠵᠣᠬᠢᠰᠲᠠᠶ ᠳᠣᠭᠢᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠪᠠᠲᠤᠯᠠᠨ᠎ᠠ᠃ | ︵ᠭᠤᠷᠪᠠ︶ ᠠᠵᠢᠯ ᠲᠥᠷᠥᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠲᠠᠭᠤᠨ ᠶᠢ ᠪᠠᠲᠤᠯᠠᠨ | ᠬᠥᠭᠵᠢᠯᠲᠡ ᠶᠢ ᠠᠬᠢᠭᠤᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ᠎ᠠ᠃ ᠡᠭᠦᠨ ᠤ ᠬᠠᠮᠲᠤ ᠲᠠᠷᠢᠶᠠᠨ ᠭᠠᠵᠠᠷ ᠤᠨ ᠬᠠᠮᠠᠭᠠᠯᠠᠯᠲᠠ | ᠪᠣᠯᠤᠨ ᠠᠭᠤᠷᠬᠠᠢ ᠶᠢᠨ ᠭᠧᠣᠯᠣᠭᠢ ᠶᠢᠨ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠢ ᠰᠠᠶᠢᠲᠤᠷ ᠠᠳᠬᠤᠵᠤ᠂ | ᠠᠮᠢ ᠠᠬᠤᠢ ᠶᠢᠨ ᠬᠠᠮᠠᠭᠠᠯᠠᠯᠲᠠ ᠶᠢᠨ ᠬᠠᠯᠬᠠᠪᠴᠢ ᠶᠢ ᠪᠠᠲᠤ ᠴᠣᠭᠴᠠᠯᠠᠵᠤ᠂ ᠰᠢᠯᠢᠳᠡᠭ ᠠᠮᠢ ᠠᠬᠤᠢ ᠶᠢᠨ | ᠵᠠᠰᠠᠯᠲᠠ ᠶᠢᠨ ᠦᠷ᠎ᠡ ᠪᠦᠲᠦᠭᠡᠯ ᠢᠶᠠᠷ ᠲᠣᠭᠲᠠᠭᠤᠨ ᠢ ᠪᠠᠲᠤᠯᠠᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠭᠦᠷᠭᠡ ᠴᠢᠳᠠᠪᠤᠷᠢ ᠲᠠᠢ ᠤᠶᠠᠯᠳᠤᠭᠤᠯᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠡᠭᠦᠷᠭᠡ ᠬᠠᠷᠢᠭᠤᠴᠠᠯᠭ᠎ᠠ ᠳᠤ ᠲᠦᠰᠢᠭᠯᠡᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠤᠤᠯᠳᠠᠯᠭ᠎ᠠ ᠲᠠᠢ ᠪᠠᠲᠤᠯᠠᠨ᠎ᠠ᠃ ᠠᠶᠢᠯ ᠲᠣᠰᠬᠤᠨ ᠤ | ᠲᠥᠯᠥᠪᠵᠢᠭᠦᠯᠭᠡ ᠶᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ ᠬᠦ | ᠴᠢᠩᠭᠠᠳᠬᠠᠨ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠠᠶᠢᠭᠠᠯᠢ ᠶᠢᠨ ᠡᠬᠢ ᠪᠠᠶᠠᠯᠢᠭ ᠤᠨ | ᠴᠢᠬᠤᠯᠠ ᠡᠯᠧᠮᠧᠨ᠋ᠲ ᠤᠨ ᠪᠠᠲᠤᠯᠠᠭ᠎ᠠ ᠬᠠᠩᠭᠠᠨ᠎ᠠ᠃ | ︵ᠲᠠᠪᠤ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠮᠠᠨ ᠤ ᠬᠤᠰᠢᠭᠤᠨ ᠤ ᠥᠩᠭᠡᠲᠦ | ᠲᠡᠮᠦᠷᠯᠢᠭ ᠤᠨ ᠠᠭᠤᠷᠬᠠᠢ ᠶᠢᠨ ᠭᠠᠷᠤᠯᠲᠠ᠂ ᠲᠡᠮᠦᠷ ᠤᠨ ᠬᠦᠳᠡᠷ᠂ ᠬᠠᠶᠢᠯᠤᠭᠤᠷ ᠵᠣᠩᠰᠢ᠂ ᠥᠭᠡᠬᠦᠨ ᠴᠢᠯᠠᠭᠤ ᠪᠠ | ᠪᠠᠯ ᠴᠢᠯᠠᠭᠤ ᠵᠡᠷᠭᠡ ᠠᠭᠤᠷᠬᠠᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠬᠡᠪᠴᠢᠶᠡᠨ ᠳᠠᠬᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠢ ᠶᠢᠨ ᠳᠠᠪᠠᠭᠤᠯᠢᠭ ᠪᠣᠯᠭᠠᠨ | ᠬᠤᠪᠢᠷᠠᠭᠤᠯᠤᠨ᠎ᠠ᠃ | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠶᠢ | ᠪᠡᠶᠡᠯᠡᠭᠦᠯᠵᠦ᠂ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠶᠢ ᠠᠬᠢᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠬᠠᠮᠢᠶ᠎ᠠ ᠪᠥᠬᠦᠶ ᠱᠠᠭᠠᠷᠳᠠᠯᠭ᠎ᠠ | ᠶᠣᠰᠣᠭᠠᠷ᠂ ᠣᠶᠢᠲᠤ ᠭᠠᠵᠠᠷ ᠤᠨ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠥᠮᠥᠷᠭᠡ | ᠪᠠᠶᠢᠭᠤᠯᠬᠤ ᠠᠵᠢᠯ ᠢ ᠭᠠᠷᠲᠠᠨ ᠥᠷᠨᠢᠭᠦᠯᠵᠦ᠂ ᠮᠠᠨ ᠤ ᠬᠤᠰᠢᠭᠤᠨ ᠤ ᠠᠷᠪᠠᠨ ᠬᠤᠶᠠᠷ ᠰᠤᠮᠤ ᠰᠢᠶᠠᠩ | ᠪᠠᠯᠭᠠᠰᠤᠨ ᠤ 5911 ᠬᠡᠰᠡᠭ ᠣᠶᠢᠲᠤ ᠭᠠᠵᠠᠷ ᠤᠨ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢ | ᠡᠮᠬᠢᠯᠡᠨ ᠨᠡᠶᠢᠯᠡᠭᠦᠯᠵᠦ ᠬᠥᠮᠥᠷᠭᠡ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ | ᠳ᠋ᠠᠶᠢᠲ᠋ᠠ ᠬᠥᠮᠥᠷᠭᠡ ᠶᠢᠨ ᠪᠤᠷᠤᠭᠤ ᠶᠢ ᠵᠠᠯᠠᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ᠂ ᠨᠤᠲᠤᠭ | ᠪᠡᠯᠴᠢᠭᠡᠷ ᠤᠨ ᠳᠤᠭᠲᠠᠮᠠᠯ ᠬᠥᠷᠥᠩᠭᠡ ᠶᠢᠨ ᠡᠷᠬᠡ ᠶᠢᠨ ᠦᠨᠡᠮᠯᠡᠯ ᠢ ᠳᠡᠩᠰᠡᠯᠡᠨ ᠦᠨᠡᠮᠯᠡᠯ ᠣᠯᠭᠤᠬᠤ ᠠᠵᠢᠯ ᠢ | ᠰᠠᠶᠢᠲᠤᠷ ᠬᠢᠨ᠎ᠠ᠃ ᠪᠠᠲᠤᠬᠠᠭᠠᠯᠭ᠎ᠠ ᠪᠠᠯᠭᠠᠰᠤᠨ ᠤ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠬᠥᠳᠡᠯᠭᠡᠭᠡᠨ ᠤ ᠰᠡᠭᠦᠯ ᠬᠤᠷᠢᠶᠠᠬᠤ ᠠᠵᠢᠯ ᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ | ︵ᠲᠤᠯᠤᠭ᠎ᠠ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ | ᠨᠤᠲᠤᠭ ᠳᠡᠪᠢᠰᠬᠡᠷ ᠢᠶᠠᠨ ᠦᠨᠡᠨ ᠬᠦ ᠰᠠᠬᠢᠨ ᠬᠠᠮᠠᠭᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ | ︽ᠡᠷᠲᠡ ᠠᠴᠠ ᠣᠯᠵᠤ ᠮᠡᠳᠡᠬᠦ᠂ ᠡᠷᠲᠡ ᠠᠴᠠ ᠬᠤᠷᠢᠭᠯᠠᠬᠤ᠂ ᠴᠢᠩᠭ᠎ᠠ ᠪᠠᠶᠢᠴᠠᠭᠠᠨ ᠰᠢᠢᠳᠪᠦᠷᠢᠯᠡᠬᠦ︾ ᠵᠠᠷᠴᠢᠮ ᠢ | ᠪᠠᠷᠢᠮᠲᠠᠯᠠᠨ᠂ ᠬᠠᠤᠯᠢ ᠬᠡᠷᠡᠭᠵᠢᠭᠦᠯᠦᠯᠲᠡ ᠶᠢᠨ ᠬᠥᠳᠡᠯᠦᠩᠭᠦᠢ ᠲᠣᠭᠤᠷᠢᠨ ᠪᠠᠶᠢᠴᠠᠭᠠᠯᠲᠠ ᠶᠢ ᠬᠢᠨᠠᠮᠠᠭᠠᠶ ᠵᠣᠬᠢᠶᠠᠨ | ᠪᠠᠶᠢᠭᠤᠯᠤᠨ ᠥᠷᠨᠢᠭᠦᠯᠵᠦ᠂ ︽ᠥᠴᠦᠬᠡᠨ ᠴᠦ ᠠᠭᠤᠴᠢᠯᠠᠬᠤ ᠦᠭᠡᠶ︾ ᠣᠪᠣᠷ ᠢ ᠠᠪᠴᠤ᠂ ᠳᠠᠯᠳᠠᠭᠤᠷ | ᠬᠤᠯᠠᠭᠠᠶᠢᠯᠠᠨ ᠮᠠᠯᠲᠠᠬᠤ᠂ ᠳᠠᠪᠬᠤᠷᠭ᠎ᠠ ᠠᠴᠠ ᠳᠠᠪᠠᠭᠤᠯᠤᠨ ᠵᠠᠭᠠᠭ ᠠᠴᠠ ᠳᠠᠪᠠᠭ᠋ᠤ ᠵᠡᠷᠭᠡ ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠨ᠎ᠠ᠃ | ︵ᠨᠠᠶᠢᠮᠠ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ︽ᠪᠤᠭᠤᠲᠤ ᠬᠤᠲᠠ ᠶᠢᠨ 2022 ᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠭᠦᠷᠭᠡ 100 ᠵᠤᠷᠪᠤᠰ︾ ᠢ | ᠨᠠᠶᠢᠳᠠᠪᠤᠷᠢᠵᠢᠭᠤᠯᠤᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠠᠵᠢᠯ ᠤᠨ ᠲᠠᠰ ᠳᠠᠷᠠᠭᠠᠯᠠᠯ ᠢ ᠵᠢᠷᠤᠮᠵᠢᠭᠤᠯᠤᠨ᠂ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠡᠷᠬᠡ ᠶᠢᠨ | ᠠᠵᠢᠯᠯᠠᠭᠠᠨ ᠢ ᠵᠢᠷᠤᠮᠵᠢᠯ ᠲᠠᠢ᠂ ᠢᠯᠡ ᠲᠣᠳᠣ ᠪᠠ ᠥᠨᠳᠥᠷ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | |