︽ᠬᠠᠯᠠᠮᠵᠢ︾ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠠᠵᠢᠯ ᠤᠨ ᠲᠠᠰᠤᠭ ᠬᠡᠥᠬᠡᠳ ᠤᠨ ︽ᠰᠡᠳᠬᠢᠯ ᠤᠨ ᠨᠠᠷᠠ︾ ᠶᠢ ᠭᠡᠷᠡᠯᠳᠦᠭᠦᠯᠦᠭᠴᠢ ᠪᠤᠯᠵᠦ ᠪᠤᠢ
ᠨᠡᠶᠢᠲᠡᠯᠡᠭᠰᠡᠨ ᠴᠠᠭ᠄
2022/6/17
      ᠤᠶᠢᠷ᠎ᠠ ᠶᠢᠨ ᠵᠢᠯ ᠳᠤ ᠨᠠᠮ ᠤᠨ ᠲᠦᠪ ᠬᠤᠷᠢᠶ᠎ᠠ ᠨᠠᠰᠤᠨ ᠳᠤ ᠦᠯᠦ ᠬᠦᠷᠦᠭᠰᠡᠳ ᠤᠨ ᠦᠰᠦᠨ ᠪᠤᠶᠢᠵᠢᠯᠳᠠ ᠶᠢ ᠲᠤᠶᠢᠯ ᠢᠶᠠᠷ ᠴᠢᠬᠤᠯᠠᠴᠢᠯᠠᠵᠦ᠂ ᠶᠡᠷᠦᠩᠭᠡᠢ ᠱᠦᠵᠢ ᠰᠢ ᠶᠢᠨ ᠫᠢᠩ ᠵᠢᠭᠠᠵᠦ ᠭᠠᠷᠭᠠᠬᠤ ᠳᠤ ᠪᠠᠨ᠄ ︽ᠤᠳᠤ ᠦᠶ᠎ᠡ ᠶᠢᠨ ᠲᠤᠮᠳᠠᠳᠦ ᠤᠯᠤᠰ ᠤᠨ ᠪᠠᠭᠠᠴᠣᠳ ᠬᠡᠥᠬᠡᠳ ᠪᠤᠯ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠦᠭᠰᠡᠨ ᠦᠩᠭᠡᠷᠡᠯᠳᠡ᠂ ᠭᠡᠷᠡᠴᠢᠯᠡᠭᠴᠢ ᠮᠦᠨ᠂ ᠨᠡᠩ ᠴᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠠᠶᠡᠯᠡᠭᠦᠯᠬᠦ ᠨᠡᠶᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠰᠢᠨ᠎ᠡ ᠬᠦᠴᠦᠨ ᠮᠦᠨ︾ ᠭᠡᠵᠡᠢ᠃ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠨᠢ ᠪᠠᠰᠠ ᠴᠦ ᠪᠠᠶᠢᠴᠠᠭᠠᠬᠤ ᠪᠠᠶᠢᠭᠤᠯᠭ᠎ᠠ ᠶᠢᠨ ᠵᠠᠶᠢᠯᠠᠵᠦ ᠪᠤᠯᠤᠰᠢ ᠦᠭᠡᠢ ᠬᠠᠷᠢᠭᠤᠴᠠᠯᠭ᠎ᠠ ᠮᠦᠨ᠃
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠢᠴᠠᠭᠠᠬᠤ ᠬᠤᠷᠢᠶ᠎ᠠ ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠥᠯᠢ︾ ᠶᠢᠨ ᠬᠠᠥᠯᠢ ᠪᠠᠷ ᠲᠤᠭᠳᠠᠭᠠᠭᠰᠠᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ ᠴᠠᠭ ᠦᠶ᠎ᠡ ᠶᠢᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠲᠦᠯᠦᠭᠡ᠂2018 ᠤᠨ ᠳᠤ ︽ᠬᠠᠯᠠᠮᠵᠢ︾ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠠᠵᠢᠯ ᠤᠨ ᠲᠠᠰᠤᠭ ᠪᠠᠶᠢᠭᠤᠯᠵᠦ᠂5 ᠡᠮᠡᠭᠳᠡᠢ ᠪᠠᠶᠢᠴᠠᠭᠠᠭᠴᠢ ᠪᠠᠷ ᠪᠦᠷᠢᠯᠳᠦᠭᠰᠡᠨ ᠡᠨᠡ ᠬᠦ ᠪᠠᠭ ᠨᠢ ᠡᠴᠢᠨᠡᠨ ᠵᠢᠯ ᠤᠨ ᠲᠤᠷᠰᠢ ᠬᠤᠳᠠ ᠬᠦᠳᠡᠭᠡ ᠦᠭᠡᠢ ᠲᠤᠭᠤᠷᠢᠨ ᠶᠠᠪᠤᠵᠦ ᠪᠦᠬᠦ ᠬᠤᠰᠢᠭᠤᠨ ᠤ14 ᠲᠤᠮᠳᠠ ᠪᠠᠭ᠎ᠠ ᠰᠤᠷᠭᠠᠭᠤᠯᠢ ᠳᠤ ᠬᠠᠥᠯᠢ ᠴᠠᠭᠠᠵᠠ ᠶᠢᠨ ᠰᠤᠷᠭᠠᠨ ᠬᠦᠮᠦᠵᠢᠯ ᠤᠨ ᠬᠢᠴᠢᠶᠡᠯ ᠤᠷᠤᠵᠦ᠂ ᠬᠦᠴᠢᠷ ᠵᠤᠪᠠᠭᠤᠷᠢ ᠲᠠᠢ ᠪᠤᠶᠤ ᠰᠡᠳᠬᠢᠯ ᠤᠨ ᠡᠮᠵᠡᠭ  ᠲᠠᠢ ᠪᠤᠯᠤᠭᠰᠠᠨ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠮᠠᠭᠠᠯᠠᠵᠦ᠂ ᠦᠭᠡ ᠶᠠᠷᠢᠶ᠎ᠠ ᠦᠢᠯᠡ ᠠᠵᠢᠯᠯᠠᠭ᠎ᠠ  ᠪᠠᠷ ᠢᠶᠠᠨ ᠤᠯᠠᠨ ᠠᠷᠪᠢᠨ ᠬᠡᠥᠬᠡᠳ ᠪᠠᠭᠠᠴᠤᠳ ᠤᠨ ᠰᠡᠳᠬᠢᠯ ᠤᠨ ᠨᠠᠷᠠ ᠶᠢ ᠲᠠᠬᠢᠨᠳᠠ ᠬᠡᠷᠡᠯᠳᠦᠭᠦᠯᠦᠭᠰᠡᠨ ᠪᠠᠶᠢᠨ᠎ᠠ
 
      ︽ᠬᠠᠯᠠᠮᠵᠢ︾ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠠᠵᠢᠯ ᠤᠨ ᠲᠠᠰᠤᠭ ᠤᠷᠢᠳ ᠬᠤᠵᠢᠳ ︽ᠲᠠᠪᠤᠳᠤᠭᠠᠷ ᠬᠤᠭᠤᠴᠠᠭᠠᠨ ᠤ ᠪᠦᠬᠦ ᠤᠷᠤᠨ ᠤ ᠡᠮᠡᠭᠳᠡᠶᠢᠴᠣᠳ ᠬᠡᠥᠬᠡᠳ ᠤᠨ ᠡᠷᠬᠡ ᠠᠰᠢᠭ ᠢ ᠬᠠᠮᠠᠭᠠᠯᠠᠭᠰᠠᠨ ᠲᠡᠷᠢᠭᠦᠨ ᠤ ᠬᠠᠮᠳᠦ ᠨᠢᠭᠡᠴᠡ︾᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠦ ᠨᠢᠭᠡᠴᠡ︾᠂ ︽ᠪᠠᠭᠰᠢ ᠶᠢ ᠬᠦᠨᠳᠦᠳᠭᠡᠵᠦ ᠰᠤᠷᠭᠠᠨ ᠬᠦᠮᠦᠵᠢᠯ  ᠢ ᠴᠢᠬᠤᠯᠠᠴᠢᠯᠠᠭᠰᠠᠨ ᠲᠡᠷᠢᠭᠦᠨ ᠤ ᠬᠠᠮᠳᠦ ᠨᠢᠭᠡᠴᠡ︾ ᠵᠡᠷᠭᠡ ᠢᠷᠠᠭᠤ ᠠᠯᠳᠠᠷ ᠢᠶᠠᠷ ᠦᠨᠡᠯᠡᠭᠳᠡᠪᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号