ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠣᠳ ᠤᠨ ᠬᠤᠯᠪᠤᠭ᠎ᠠ ᠪᠤᠯᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠤᠪᠴᠢᠶ᠎ᠠ ︽ᠵᠠᠭᠤᠨ ᠨᠡᠷᠡᠰ ᠲᠤᠰᠬᠠᠢ ᠮᠡᠷᠭᠡᠵᠢᠯᠳᠡᠨ ᠠᠶᠢᠮᠠᠭ ᠬᠤᠳᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠣᠬᠠᠭᠠᠨ ᠮᠡᠷᠭᠡᠵᠢᠯ ᠢ ᠲᠦᠭᠡᠮᠡᠯᠵᠢᠬᠦᠯᠬᠦ ᠠᠶᠠᠯᠠᠯ︾ ᠤᠨ ᠠᠵᠢᠯᠯᠠᠭ᠎ᠠ ᠶᠢ ᠦᠷᠨᠢᠭᠦᠯᠵᠡᠢ
ᠨᠡᠶᠢᠲᠡᠯᠡᠭᠰᠡᠨ ᠴᠠᠭ᠄
2022/6/17
      ᠬᠦᠳᠡᠭᠡ ᠲᠤᠰᠬᠤᠨ ᠤ ᠮᠠᠯᠴᠢᠨ ᠲᠠᠷᠢᠶᠠᠴᠢᠨ ᠡᠮᠡᠭᠳᠡᠶᠢᠴᠤᠳ ᠤᠨ ᠬᠡᠪ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠲᠠᠬᠢᠨ ᠨᠢᠭᠡ ᠱᠠᠳᠤᠨ  ᠳᠤ ᠭᠠᠷᠬᠤ ᠶᠢ ᠠᠬᠢᠭᠤᠯᠬᠤ ᠶᠢᠨ ᠲᠦᠯᠦᠭᠡ᠂6 ᠰᠠᠷ᠎ᠠ ᠶᠢᠨ14 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠣᠳ ᠤᠨ ᠬᠤᠯᠪᠤᠭ᠎ᠠ ᠪᠤᠯᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠬᠠᠮᠳᠤᠷᠠᠨ ︽ᠵᠠᠭᠤᠨ ᠨᠡᠷᠡᠰ ᠲᠤᠰᠬᠠᠢ ᠮᠡᠷᠭᠡᠵᠢᠯᠳᠡᠨ ᠠᠶᠢᠮᠠᠭ ᠬᠤᠳᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠶᠠᠯᠠᠯ︾ ᠤᠨ ᠠᠵᠢᠯᠯᠠᠭ᠎ᠠ ᠶᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠮᠠᠷᠠᠳᠦ ᠬᠢᠯᠢ ᠶᠢᠨ ᠨᠠᠮ ᠤᠨ ᠬᠤᠷᠢᠶᠠᠨ ᠤ ᠬᠠᠮᠳᠤᠷᠠᠭᠰᠠᠨ ᠦᠷᠳᠡᠭᠡᠨ ᠳᠤ ᠦᠷᠨᠢᠬᠦᠯᠵᠦ᠂ ᠮᠠᠯᠴᠢᠨ ᠲᠠᠷᠢᠶᠠᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠢ ᠬᠦᠷᠭᠡᠭᠰᠡᠨ ᠪᠠᠶᠢᠨ᠎ᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠤᠪᠴᠢᠶ᠎ᠠ᠂ ᠮᠠᠨᠳᠤᠯ ᠪᠠᠯᠭᠠᠰᠤᠨ ᠤ ᠬᠡᠰᠡᠭ ᠬᠠᠷᠢᠭᠤᠴᠠᠯᠭᠠᠳᠠᠨ᠂ ᠮᠠᠨᠳᠤᠯ ᠪᠠᠯᠭᠠᠰᠤ᠂ ᠴᠠᠭᠠᠠᠬᠠᠳᠠ ᠰᠤᠮᠤ᠂ ᠪᠠᠶ᠋ᠬᠠᠠᠤᠸᠠ ᠪᠠᠯᠭᠠᠰᠤᠨ ᠤ ᠦᠨᠳᠦᠰᠦᠨ ᠱᠠᠳᠣᠨ ᠤ ᠺᠠᠳ᠋ᠷ ᠠᠵᠢᠯᠳᠠᠨ ᠪᠠ ᠮᠠᠯᠴᠢᠳ ᠠᠵᠢᠯᠯᠠᠭ᠎ᠠ ᠳᠤ ᠤᠷᠤᠯᠴᠠᠵᠠᠢ᠃
1.png
      ᠠᠵᠢᠯᠯᠠᠭ᠎ᠠ ᠨᠢ ᠪᠤᠭᠤᠳᠦ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠡᠭᠡᠳᠦ ᠵᠡᠷᠭᠡ ᠶᠢᠨ ᠮᠠᠯ ᠠᠵᠦ ᠠᠬᠤᠶᠢᠴᠢ ᠴᠠᠢ ᠵᠢᠦᠢ ᠶᠢ ᠤᠷᠢᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠮᠡᠷᠭᠡᠵᠢᠯ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠂ ᠲᠠᠷᠢᠶᠠᠯᠠᠩ ᠮᠠᠯ ᠠᠵᠦ ᠠᠬᠤᠢ  ᠶᠢᠨ ᠬᠦᠭᠵᠢᠯᠳᠡ ᠶᠢᠨ ᠲᠤᠮᠳᠠᠬᠢ ᠪᠤᠳᠠᠳᠠᠢ ᠠᠰᠠᠭᠤᠳᠠᠯ ᠢ ᠰᠢᠢᠳᠪᠦᠷᠢᠯᠡᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠬᠡᠷᠡᠭᠴᠡᠭᠡ ᠱᠠᠭᠠᠡᠳᠠᠯᠭ᠎ᠠ ᠳᠤ ᠴᠢᠭᠯᠡᠭᠦᠯᠦᠨ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ  ᠶᠢᠨ ᠲᠤᠮᠳᠠᠬᠢ ᠪᠤᠳᠠᠳᠠᠢ ᠠᠰᠠᠭᠤᠳᠠᠯ ᠢ ᠰᠢᠢᠳᠪᠦᠷᠢᠯᠡᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠬᠡᠷᠡᠭᠴᠡᠭᠡ ᠱᠠᠭᠠᠡᠳᠠᠯᠭ᠎ᠠ ᠳᠤ ᠴᠢᠭᠯᠡᠭᠦᠯᠦᠨ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠪᠤᠳᠠᠳᠠᠢ ᠮᠡᠳᠡᠯᠭᠡ ᠮᠡᠷᠭᠡᠵᠢᠯ ᠢ ᠬᠦᠨᠵᠡᠭᠡᠢ ᠪᠦᠭᠡᠳ ᠤᠶᠢᠯᠠᠭᠠᠮᠵᠢᠳᠠᠢ ᠲᠠᠶᠢᠯᠪᠤᠷᠢᠯᠠᠵᠦ᠂ ᠮᠠᠯᠴᠢᠨ ᠲᠠᠷᠢᠶᠠᠴᠢᠳ ᠲᠤ ᠮᠠᠯ ᠤᠨᠤᠭ᠎ᠠ ᠶᠢᠨ ᠡᠯ᠎ᠡ ᠴᠠᠭ ᠦᠶ᠎ᠡ ᠶᠢᠨ ᠲᠡᠵᠢᠭᠡᠯ ᠪᠤᠷᠳᠤᠭ᠎ᠠ ᠲᠡᠵᠢᠭᠡᠬᠦ ᠶᠢᠨ ᠠᠩᠬᠠᠷᠬᠤ ᠵᠦᠢᠯ ᠵᠢᠴᠢ ᠡᠪᠡᠳᠴᠢᠨ ᠡᠮᠬᠡᠭ ᠢ ᠬᠡᠷᠬᠢᠨ ᠰᠡᠷᠭᠡᠶᠢᠯᠡᠨ ᠵᠠᠠᠰᠠᠬᠤ ᠲᠤᠬᠠᠢ ᠮᠡᠳᠡᠯᠭᠡ ᠮᠡᠷᠭᠡᠵᠢᠯ ᠢ ᠲᠦᠭᠡᠮᠡᠯᠵᠢᠭᠦᠯᠬᠦ ᠶᠢᠨ ᠬᠠᠮᠳᠦ ᠬᠤᠷᠠᠯ ᠳᠤ ᠤᠷᠤᠯᠴᠠᠭᠰᠠᠳ  ᠲᠠᠢ ᠰᠠᠨᠠᠯ ᠢᠶᠠᠨ ᠰᠤᠯᠢᠯᠴᠠᠵᠦ᠂ ᠮᠠᠯ ᠤᠨᠤᠭ᠎ᠠ ᠲᠡᠵᠢᠭᠡᠨ ᠦᠷᠡᠵᠢᠭᠦᠯᠬᠦ ᠶᠠᠪᠤᠴᠠ ᠳᠤ ᠤᠷᠤᠰᠢᠵᠦ ᠪᠠᠶᠢᠭ᠎ᠠ ᠠᠰᠠᠭᠤᠳᠠᠯ ᠳᠤ ᠬᠠᠷᠢᠭᠤᠯᠳᠠ ᠦᠭᠴᠡᠢ᠃
2.png      
      ᠪᠤᠯᠪᠠᠰᠤᠷᠠᠯ ᠤᠨ ᠬᠤᠷᠠᠯ ᠠᠴᠠ᠂ ᠪᠤᠯᠪᠠᠰᠤᠷᠠᠯ ᠤᠨ ᠴᠢᠬᠤᠯᠠ ᠴᠢᠨᠠᠷ ᠢ ᠬᠦᠢᠴᠡᠳ ᠲᠠᠨᠢᠨ᠂ ᠡᠮᠡᠭᠳᠡᠶᠢᠴᠤᠳ  ᠤᠨ ᠬᠦᠴᠦᠨ ᠢ ᠪᠠᠳᠠᠷᠠᠭᠤᠯᠵᠦ᠂ ᠬᠠᠷᠠᠭ᠎ᠠ ᠪᠠᠨ ᠤᠯᠠᠮ ᠦᠷᠭᠡᠳᠭᠡᠨ᠂ ᠤᠷ᠎ᠠ ᠮᠡᠷᠭᠡᠵᠢᠯ ᠤᠨ ᠲᠦᠪᠰᠢᠨ ᠢᠶᠠᠨ ᠲᠡᠭᠡᠭᠰᠢᠯᠡᠬᠦᠯᠬᠦ ᠬᠡᠷᠡᠭᠳᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠷᠭᠡᠵᠢᠯ ᠢ ᠬᠢᠨᠠᠮᠠᠭᠠᠢ ᠰᠤᠷᠤᠯᠴᠠᠨ ᠡᠵᠡᠮᠰᠢᠵᠦ᠂ ᠰᠢᠨᠵᠢᠯᠡᠬᠦ ᠤᠭᠠᠬᠠᠨᠴᠢ ᠪᠠᠷ ᠲᠡᠵᠢᠭᠡᠨ ᠦᠷᠡᠵᠢᠭᠦᠯᠵᠦ᠂ ᠮᠠᠯᠴᠢᠨ ᠲᠠᠷᠢᠶᠠᠴᠢᠨ ᠤ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠪᠠ ᠴᠢᠳᠠᠪᠤᠷᠢ ᠪᠠᠨ ᠦᠨᠡᠨᠬᠦ ᠲᠡᠭᠡᠭᠰᠢᠯᠡᠬᠦᠯᠬᠦ ᠬᠡᠷᠡᠭᠳᠡᠢ᠃ ᠡᠯ᠎ᠡ ᠲᠠᠯ᠎ᠠ ᠪᠠᠷ ᠨᠡᠪᠳᠡᠷᠡᠯᠴᠡᠵᠦ ᠤᠶᠢᠯᠠᠭᠠᠯᠴᠠᠨ᠂ ᠵᠢᠱᠢᠶ᠎ᠡ ᠦᠵᠡᠭᠦᠯᠬᠦ ᠨᠦᠯᠦᠭᠡᠯᠡᠯ ᠤᠨ ᠦᠢᠯᠡᠳᠦᠯ ᠢ ᠪᠠᠳᠠᠷᠠᠭᠤᠯᠵᠦ᠂ ᠡᠷᠬᠢᠨ ᠲᠤᠭᠤᠷᠢᠨ ᠤ ᠤᠯᠠᠨ ᠲᠦᠮᠡᠨ ᠢ ᠲᠠᠶᠢᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠠᠬᠢᠭᠤᠯᠵᠦ᠂ ᠨᠡᠶᠢᠭᠡᠮ ᠵᠢᠷᠤᠮ  ᠤᠨ ᠰᠢᠨ᠎ᠡ ᠮᠠᠯᠵᠢᠬᠤ ᠲᠠᠷᠢᠶᠠᠯᠠᠬᠤ ᠤᠷᠤᠨ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠴᠢᠬᠤᠯᠠᠴᠢᠯᠠᠵᠠᠢ᠃
3.png
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号