︽ᠬᠡᠥᠬᠡᠳ ᠤᠨ ᠰᠡᠳᠬᠢᠯ ᠨᠠᠮ ᠳᠤ ᠪᠠᠨ᠂ ᠬᠦᠴᠦᠷᠭᠡᠭ ᠤᠯᠤᠰ ᠢ ᠰᠡᠷᠭᠦᠨ ᠮᠠᠨᠳᠤᠭᠤᠯᠬᠤ ᠳᠤ ᠪᠢᠳᠡ ᠤᠷᠤᠯᠴᠠᠨ᠎ᠠ ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠪᠤᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠰᠢᠯᠢᠳᠡᠭ ᠮᠤᠷᠠᠯ ᠲᠠᠢ ᠪᠠᠭᠠᠴᠤᠳ ᠢ ᠰᠤᠩᠭᠤᠨ ᠨᠡᠶᠢᠳᠡᠯᠡᠬᠦ ᠶᠤᠰᠤᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2022/6/2
      6 ᠰᠠᠷ᠎ᠠ ᠶᠢᠨ1 ᠤ ᠦᠳᠡ ᠶᠢᠨ ᠬᠤᠶᠢᠨ᠎ᠠ᠂ ︽ᠬᠡᠥᠬᠡᠳ ᠤᠨ ᠰᠡᠳᠬᠢᠯ ᠨᠠᠮ ᠳᠤ ᠪᠠᠨ᠂ ᠬᠦᠴᠦᠷᠭᠡᠭ ᠤᠯᠤᠰ ᠢ ᠰᠡᠷᠭᠦᠨ ᠮᠠᠨᠳᠤᠭᠤᠯᠬᠤ ᠳᠤ ᠪᠢᠳᠡ ᠤᠷᠤᠯᠴᠠᠨ᠎ᠠ ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠪᠤᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠰᠢᠯᠢᠳᠡᠭ ᠮᠤᠷᠠᠯ ᠲᠠᠢ ᠪᠠᠭᠠᠴᠤᠳ ᠢ ᠰᠤᠩᠭᠤᠨ ᠨᠡᠶᠢᠳᠡᠯᠡᠬᠦ ᠶᠤᠰᠤᠯᠠᠯ ᠬᠠᠮ ᠵᠢᠭᠤᠴᠢᠯᠠᠭᠤᠷ ᠤᠨ ᠲᠦᠪ ᠤᠨ ᠲᠤᠭᠯᠯᠠᠳᠠ ᠶᠢᠨ ᠲᠢᠩᠭᠢᠮ ᠳᠤ ᠶᠠᠪᠤᠭᠳᠠᠪᠠ᠃ ᠬᠤᠰᠢᠭᠤᠨ ᠤ ᠲᠦᠷᠪᠡᠨ ᠶᠡᠭᠡ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠭᠢᠮ ᠳᠤ ᠶᠠᠪᠤᠭᠳᠠᠪᠠ᠃ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠪᠦᠬᠦ ᠬᠤᠰᠢᠭᠤᠨ ᠤ ᠤᠶᠤᠨ ᠤ ᠪᠤᠯᠪᠠᠰᠤᠨ ᠤ ᠵᠦᠪᠯᠡᠯ ᠤᠨ ᠬᠡᠰᠢᠬᠦᠨ ᠨᠢᠭᠡᠴᠡ᠂ ᠡᠯ᠎ᠡ ᠲᠤᠮᠳᠠᠳᠦ ᠪᠠᠭ᠎ᠠ ᠰᠤᠷᠭᠠᠭᠤᠯᠢ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ
      ᠲᠤᠰ ᠤᠳᠠᠭᠠᠨ ᠤ ᠠᠵᠢᠯᠯᠠᠭ᠎ᠠ ᠶᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ  ᠤ ᠤᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠵᠦ᠂ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ  ᠶᠢᠨ ᠠᠯᠪᠠᠨ ᠭᠡᠷ᠂ ᠰᠤᠷᠭᠠᠨ ᠬᠦᠮᠦᠵᠢᠯ ᠤᠨ ᠲᠤᠪᠴᠢᠶ᠎ᠠ᠂ ᠬᠠᠮ ᠵᠠᠭᠤᠴᠢᠯᠠᠭᠤᠷ ᠤᠨ ᠲᠦᠪ᠂ ᠬᠤᠰᠢᠭᠤᠨ ᠤ ᠨᠠᠮ  ᠤᠨ ᠬᠤᠷᠢᠶ᠎ᠠ᠂ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠰᠢᠭᠤᠨ ᠤ ᠵᠡᠮᠳᠡᠭᠴᠤᠳ ᠤᠨ ᠬᠤᠯᠪᠤᠭ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠵᠡᠷᠭᠡ ᠪᠠᠶᠢᠭᠤᠯᠭ᠎ᠠ ᠨᠢᠬᠡᠴᠡ ᠬᠠᠮᠳᠤᠷᠠᠨ ᠡᠷᠬᠢᠯᠡᠵᠦ᠂ ᠠᠵᠢᠯᠯᠠᠭ᠎ᠠ ᠨᠢ ︽ᠬᠢᠯᠠᠯᠵᠠᠭᠰᠠᠨ ᠤᠯᠠᠭᠠᠨ ᠤᠳᠤ︾ ᠬᠡᠮᠡᠬᠦ ᠪᠦᠵᠢᠭ ᠤᠨ ᠲᠤᠮᠳᠠ ᠬᠦᠰᠢᠭᠡ ᠪᠠᠨ ᠰᠡᠬᠦᠵᠦ᠂ ᠤᠯᠠᠭᠠᠨ ᠲᠠᠶᠠᠭᠠᠷ ᠲᠤ ︽ᠲᠤᠮᠳᠠᠳᠦ ᠶᠢᠨ ᠪᠠᠭᠠᠴᠤᠳ︾᠂ ︽ᠪᠠᠭᠠᠴᠤᠳ ᠤᠨ ᠠᠤᠭ᠎ᠠ ᠵᠤᠷᠢᠭ︾᠂ ︽ᠪᠢ ᠡᠬᠡ ᠤᠯᠤᠰ ᠲᠠᠢ ᠪᠠᠨ︾ ᠵᠡᠷᠭᠡ ᠭᠤᠶᠢᠳᠠ ᠰᠠᠶᠢᠬᠠᠨ ᠲᠤᠭᠯᠠᠯᠳᠠ ᠰᠤᠨᠢᠷᠬᠠᠭᠤᠯᠤᠨ᠂ ᠪᠠᠰᠠ ᠱᠠᠩᠨᠠᠯ ᠤᠯᠭᠤᠬᠤ ᠦᠭᠡᠰ ᠤᠨ ᠦᠵᠡᠭᠦᠯᠦᠯᠭᠡ᠂ ᠰᠢᠯᠢᠳᠡᠭ ᠦᠢᠯᠡ ᠶᠠᠪᠤᠳᠠᠯ ᠢ ᠨᠡᠶᠢᠳᠡᠯᠡᠬᠦ᠂ ᠲᠤᠬᠠᠢ ᠶᠢᠨ ᠲᠠᠯᠠᠪᠤᠷ ᠲᠤ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠡᠷᠬᠢᠮ ᠰᠤᠷᠳᠠᠯ ᠢ ᠬᠠᠷᠠᠭᠤᠯᠤᠨ᠂ ᠪᠠᠭᠠᠴᠤᠳ ᠬᠡᠥᠬᠡᠳ ᠤᠨ ᠨᠠᠰᠤᠳᠠᠨ ᠢᠶᠠᠨ ᠠᠴᠢᠯᠠᠵᠦ ᠲᠦᠷᠦᠯ ᠰᠠᠳᠤᠨ ᠢᠶᠠᠨ ᠬᠠᠶᠢᠷᠠᠯᠠᠬᠤ᠂ ᠪᠤᠯᠪᠠᠰᠤᠨ ᠶᠤᠰᠤᠷᠬᠠᠭ᠂ ᠪᠡᠶ᠎ᠡ ᠪᠠᠨ ᠲᠠᠭᠠᠭᠠᠵᠦ ᠬᠦᠴᠦᠷᠬᠡᠭᠵᠢᠬᠦ᠂ ᠨᠦᠬᠦᠷᠰᠡᠭ ᠢᠶᠠᠷ ᠬᠠᠷᠢᠯᠴᠠᠨ ᠬᠠᠪᠰᠤᠷᠤᠯᠴᠠᠬᠤ ᠵᠡᠷᠭᠡ ᠬᠦᠮᠦᠰ ᠤᠨ ᠰᠡᠳᠬᠢᠯ ᠢ ᠬᠦᠳᠡᠯᠭᠡᠮ᠎ᠡ ᠦᠢᠯᠡ ᠠᠵᠢᠯᠯᠯᠠᠭ᠎ᠠ  ᠶᠢ ᠲᠡᠯᠭᠡᠨ ᠦᠵᠡᠭᠦᠯᠵᠦ᠂ ᠲᠷᠠᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠲᠦᠷᠰᠦ ᠪᠠᠶᠢᠳᠠᠯ ᠪᠠ ᠶᠤᠰᠤ ᠰᠤᠷᠳᠠᠬᠤᠨ ᠤ ᠬᠡᠪ ᠨᠠᠮᠪᠠ ᠶᠢ ᠢᠯᠡᠷᠡᠭᠦᠯᠵᠦ ᠠᠬᠤᠢ ᠲᠠᠯᠠᠪᠠᠢ ᠶᠢᠨ ᠪᠦᠬᠦ ᠦᠡᠵᠡᠭᠴᠢᠳ ᠢ ᠲᠤᠭᠳᠠᠯᠠᠭᠤᠯᠤᠭᠰᠠᠨ ᠪᠠᠶᠢᠨ᠎ᠠ᠃ ᠡᠳᠡᠭᠡᠷ ᠪᠠᠭᠠᠴᠤᠳ ᠤᠨ ᠦᠢᠯᠡ ᠠᠵᠢᠯᠯᠠᠭ᠎ᠠ ᠤᠯᠠᠨ ᠲᠦᠮᠡᠨ ᠳᠤ ᠪᠠᠨ ᠲᠠᠭᠤᠷᠢᠶᠠᠯ ᠪᠤᠯᠤᠭᠰᠠᠨ ᠢᠶᠠᠷ ᠪᠠᠷᠠᠬᠤ ᠦᠭᠡᠢ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠤᠷ ᠠᠳᠬᠤᠬᠤ ᠳᠤ ᠪᠤᠳᠠᠳᠦ ᠵᠢᠱᠢᠶ᠎ᠡ ᠪᠤᠯᠵᠦ ᠴᠢᠳᠠᠵᠠᠢ᠃
  
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号