︽ᠪᠤᠭᠤᠳᠦ ᠬᠤᠳᠠ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠰᠤᠷᠭᠠᠨ ᠬᠦᠮᠦᠵᠢᠯ ᠬᠦᠷᠭᠡᠬᠦ ᠠᠵᠢᠯᠯᠠᠭ᠎ᠠ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/6/22
      ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠬᠡᠥᠬᠡᠳ ᠪᠠᠭᠠᠴᠣᠳ ᠢ ᠰᠡᠳᠬᠢᠴᠡ  ᠶᠢᠨ ᠡᠷᠡᠭᠦᠯ ᠮᠡᠨᠳᠦ ᠶᠢᠨ ᠤᠬᠠᠮᠰᠠᠷ ᠲᠠᠢ ᠪᠤᠯᠭᠠᠬᠤ ᠪᠠᠷ ᠬᠦᠳᠦᠯᠦᠨ ᠵᠢᠯᠤᠭᠤᠳᠴᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠤᠨ ᠠᠭᠤᠷ ᠠᠮᠢᠰᠬᠤᠯ ᠢ ᠪᠤᠢ ᠪᠤᠯᠭᠠᠨ᠂ ᠲᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ  ᠤᠨ ᠪᠡᠶ᠎ᠡ ᠪᠠᠨ ᠬᠦᠨᠳᠦᠳᠭᠡᠵᠦ ᠪᠡᠶ᠎ᠡ ᠪᠠᠨ ᠢᠳᠡᠭᠡᠬᠦ᠂ ᠢᠳᠡᠪᠬᠢᠳᠡᠢ ᠪᠠᠷ ᠦᠭᠡᠳᠡᠯᠡᠨ ᠲᠠᠪᠰᠢᠬᠤ ᠰᠡᠳᠬᠢᠴᠡ ᠶᠢᠨ ᠪᠠᠶᠢᠳᠠᠯ ᠢ ᠬᠦᠮᠦᠵᠢᠭᠦᠯᠦᠨ᠂ ᠰᠡᠳᠬᠢᠴᠡ ᠶᠢᠨ ᠬᠡᠪ ᠴᠢᠨᠠᠷ ᠢ ᠨᠢ ᠲᠡᠭᠡᠭᠰᠢᠯᠡᠬᠦᠯᠬᠦ ᠬᠠᠷᠠᠭᠠᠨ ᠠᠴᠠ6 ᠰᠠᠷ᠎ᠠ ᠶᠢᠨ16  ᠤ ᠡᠳᠦᠷ᠂ ᠪᠤᠭᠤᠳᠦ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠳᠠ ᠶᠢᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠯᠪᠠᠨ ᠭᠡᠷ ᠵᠢᠴᠢ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶᠠᠨ ᠠᠴᠠ ᠵᠤᠬᠢᠶᠠᠨ ᠪᠠᠶᠢᠭᠤᠯᠵᠦ ᠦᠷᠨᠢᠭᠦᠯᠦᠭᠰᠡᠨ ︽ᠪᠤᠭᠤᠳᠦ ᠬᠤᠳᠠ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ  ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠰᠤᠷᠭᠠᠨ ᠬᠦᠮᠦᠵᠢᠯ ᠬᠦᠷᠭᠡᠬᠦ ᠠᠵᠢᠯᠯᠠᠭ᠎ᠠ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠶᠠᠪᠤᠭᠳᠠᠪᠠ᠃
微信图片_20220621093226.jpg
      ᠲᠤᠰ ᠤᠳᠠᠭᠠᠨ ᠤ ᠠᠵᠢᠯᠯᠠᠭ᠎ᠠ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠤᠨ ᠲᠤᠮᠳᠠᠳᠦ ᠪᠠᠭ᠎ᠠ ᠰᠤᠷᠭᠠᠭᠤᠯᠢ᠂ ᠬᠡᠥᠬᠡᠳ ᠤᠨ ᠴᠡᠴᠡᠷᠯᠢᠭ ᠤᠨ ᠪᠠᠭᠰᠢ ᠰᠤᠷᠤᠭᠴᠢ ᠵᠢᠴᠢ ᠭᠡᠷ ᠤᠨ ᠠᠬᠠᠮᠠᠳ ᠤᠨ ᠲᠤᠮᠳᠠ ᠬᠢᠴᠢᠶᠡᠯ ᠤᠷᠤᠬᠤ᠂ ᠬᠠᠪᠰᠤᠷᠤᠨ ᠵᠢᠯᠤᠭᠤᠳᠬᠤ ᠪᠠ ᠬᠠᠷᠢᠯᠴᠠᠨ ᠰᠠᠨᠠᠯ ᠰᠤᠯᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠶᠠᠪᠤᠭᠳᠠᠵᠠᠢ᠃ ᠪᠠᠳᠤᠬᠠᠭᠠᠯᠭ᠎ᠠ ᠶᠢᠨ ᠲᠤᠮᠳᠠᠳᠦ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ᠂ ᠬᠠᠪᠰᠤᠷᠤᠨ  ᠵᠢᠯᠤᠭᠤᠳᠤᠭᠴᠢ ᠠᠴᠠ ︽ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠰᠢᠯᠭᠠᠯᠳᠠ ᠠᠴᠠ ᠡᠮᠦᠨᠡᠬᠢ ᠰᠡᠳᠬᠢᠴᠡ ᠶᠢᠨ ᠲᠠᠷᠤᠯᠳᠠ ᠶᠢ ᠬᠡᠷᠬᠢᠨ ᠲᠠᠶᠢᠯᠬᠤ ᠲᠤᠬᠠᠢ ᠵᠢᠯᠤᠭᠤᠳᠤᠯᠭ᠎ᠠ︾ ᠶᠢ ᠵᠠᠳᠠᠯᠤᠨ ᠲᠠᠶᠢᠯᠪᠤᠷᠢᠯᠠᠵᠦ᠂ ᠰᠤᠨᠢᠷᠬᠠᠯᠳᠠᠢ ᠪᠢᠴᠢᠬᠠᠨ ᠲᠤᠭᠯᠠᠭᠠᠮ ᠢᠶᠠᠷ ᠰᠤᠷᠤᠭᠴᠢᠳ ᠤᠨ ᠤᠷᠮ᠎ᠠ ᠵᠤᠷᠢᠭ ᠢ ᠨᠢ ᠬᠦᠭᠵᠢᠭᠡᠨ ᠂ ᠬᠦᠳᠡᠯᠭᠡᠭᠡᠨ ᠳᠤ ᠢᠳᠡᠪᠬᠢᠳᠡᠢ ᠤᠷᠤᠯᠴᠠᠭᠤᠯᠤᠨ ᠦᠪᠡᠷ ᠤᠨ ᠪᠤᠳᠤᠯ ᠰᠠᠨᠠᠯ ᠢ ᠨᠢ ᠶᠠᠷᠢᠭᠤᠯᠵᠦ᠂ ᠪᠤᠳᠠᠳᠦ ᠠᠰᠠᠭᠤᠳᠠᠯ ᠳᠤ ᠴᠢᠭᠯᠡᠭᠦᠯᠦᠨ ᠰᠡᠳᠬᠢᠴᠡ ᠶᠢᠨ ᠲᠤᠬᠠᠢ ᠵᠢᠯᠤᠭᠤᠳᠤᠯᠭ᠎ᠠ ᠬᠢᠭᠰᠡᠨ ᠪᠠᠶᠢᠨ᠎ᠠ᠃ ᠪᠠᠳᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠬᠢᠴᠢᠶᠠᠯ ᠤᠨ ᠲᠠᠩᠭᠢᠮ ᠳᠤ᠂ ᠬᠢᠴᠢᠶᠡᠯ ᠤᠨ ᠪᠠᠭᠰᠢ ᠨᠠᠷ ᠬᠠᠪᠰᠤᠷᠤᠨ ᠵᠢᠯᠤᠭᠤᠳᠤᠭᠴᠢ ᠶᠢᠨ ᠵᠠᠬᠢᠶ᠎ᠠ ᠵᠢᠭᠠᠪᠤᠷᠢ ᠶᠢ ᠨᠠᠷᠢᠨ ᠬᠢᠨᠠᠮᠠᠭᠠᠢ ᠬᠦᠯᠢᠶᠡᠨ ᠰᠤᠨᠤᠰᠴᠦ᠂ ᠰᠡᠳᠬᠢᠴᠡ ᠶᠢᠨ ᠠᠰᠠᠭᠤᠳᠠᠯ  ᠢ ᠬᠦᠨ ᠪᠤᠳᠤᠯᠬᠢᠯᠠᠵᠦ᠂ ᠬᠦᠳᠡᠯᠭᠡᠭᠡᠨ ᠤ ᠲᠠᠷᠠᠭ᠎ᠠ ᠬᠡᠥᠬᠡᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠨᠡᠩ ᠢᠯᠡᠬᠦᠦ ᠠᠩᠬᠠᠷᠴᠦ ᠵᠢᠯᠤᠭᠤᠳᠤᠨ᠎ᠠ ᠬᠡᠭᠦ ᠰᠠᠨᠠᠭ᠎ᠠ ᠪᠠᠨ ᠢᠯᠡᠳᠭᠡᠭᠰᠡᠨ ᠪᠠᠶᠢᠨ᠎ᠠ᠃ ᠦᠨᠳᠦᠰᠦᠳᠡᠨ ᠤ ᠬᠡᠥᠬᠡᠳ  ᠤᠨ ᠴᠡᠴᠡᠷᠯᠢᠭ ᠤᠨ ᠠᠭᠤᠵᠢᠮ ᠰᠠᠷᠠᠭᠤᠯ ᠬᠢᠴᠢᠶᠡᠯ ᠢ ᠬᠦᠯᠢᠴᠡᠩᠭᠦᠢ ᠪᠠᠷ ᠬᠦᠯᠢᠶᠡᠨ ᠰᠤᠨᠤᠰᠤᠭᠰᠠᠨ ᠪᠠᠶᠢᠨ᠎ᠠ᠃
微信图片_20220621093237.jpg
      ᠲᠤᠰ ᠣᠳᠠᠭᠠᠨ ᠤ ᠬᠦᠳᠡᠯᠭᠡᠭᠡᠨ ᠢᠶᠠᠷ ᠲᠠᠮᠵᠢᠨ ᠬᠡᠥᠬᠡᠳ ᠪᠠᠭᠠᠴᠤᠳ ᠰᠡᠳᠬᠢᠴᠡ ᠶᠢᠨ ᠡᠷᠡᠭᠦᠯ ᠮᠠᠨᠳᠦ ᠶᠢᠨ ᠴᠢᠬᠤᠯᠠ ᠴᠢᠨᠠᠷ ᠲᠤ ᠨᠡᠩ ᠬᠦᠨᠵᠡᠭᠡᠢ ᠤᠶᠢᠯᠠᠭᠠᠯᠳᠠ ᠲᠠᠢ ᠪᠤᠯᠵᠦ᠂ ᠪᠠᠭᠰᠢ ᠪᠤᠯᠤᠨ ᠭᠡᠷ ᠤᠨ ᠠᠬᠠᠮᠠᠳ ᠴᠦ ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠳᠤ ᠬᠡᠷᠬᠢᠨ ᠬᠠᠪᠰᠤᠷᠤᠨ ᠵᠢᠯᠤᠭᠤᠳᠤᠯᠭ᠎ᠠ ᠬᠢᠬᠦ ᠲᠤᠬᠠᠢ ᠨᠡᠩ ᠬᠦᠨ ᠤᠶᠢᠯᠠᠭᠠᠯᠳᠠ ᠲᠠᠢ ᠪᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号