ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠰᠡᠷᠭᠡᠶᠢᠯᠡᠯᠳᠡ ᠪᠠᠨ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2022/6/22
      ᠤᠶᠢᠷ᠎ᠠ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠶᠢᠨ ᠬᠢᠨ ᠠᠷᠠᠳ ᠤᠨ ᠴᠠᠭᠳᠠᠭ᠎ᠠ ᠪᠠ ᠵᠠᠮ ᠬᠠᠷᠢᠯᠴᠠᠭᠠᠨ ᠤ ᠴᠠᠭᠳᠠᠭ᠎ᠠ ᠪᠠᠨ ᠵᠤᠬᠢᠶᠠᠨ ᠪᠠᠶᠢᠭᠤᠯᠤᠨ ᠵᠤᠨ ᠤ ᠤᠯᠠᠷᠢᠯ ᠤᠨ ᠵᠠᠬ᠎ᠠ ᠵᠡᠭᠡᠯᠢ ᠨᠡᠶᠢᠭᠡᠮ ᠤᠨ ᠤᠷᠴᠢᠨ ᠲᠤᠭᠤᠷᠢᠨ ᠤ ᠴᠠᠭᠳᠠᠨ ᠰᠡᠷᠭᠡᠶᠢᠯᠡᠯᠳᠡ ᠪᠠᠨ ᠴᠢᠩᠭᠠᠳᠬᠠᠵᠦ᠂ ᠤᠯᠠᠨ ᠨᠡᠶᠢᠳᠡ ᠶᠢᠨ ᠴᠤᠭᠯᠠᠭᠠᠨ ᠤ ᠭᠠᠵᠠᠷ᠂ ᠵᠤᠭ᠎ᠠ ᠴᠡᠩᠭᠡᠯ ᠤᠨ ᠭᠠᠵᠠᠷ ᠤᠨ ᠡᠮᠬᠢ ᠲᠢᠭᠯᠢᠮ ᠢ ᠴᠠᠭᠳᠠᠨ ᠪᠠᠶᠢᠴᠠᠭᠠᠨ᠂ ᠠᠷᠢᠬᠢᠨ ᠤ ᠲᠠᠷᠠᠭ᠎ᠠ ᠲᠡᠷᠭᠡ ᠵᠢᠯᠤᠭᠤᠳᠬᠤ᠂ ᠠᠶᠤᠯᠳᠠᠢ ᠪᠠᠭᠠᠵᠢ ᠠᠶᠤᠯᠳᠡᠢ ᠪᠤᠳᠠᠰ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠠᠮᠤᠷ ᠲᠦᠪᠰᠢᠨ ᠤ ᠭᠡᠮ ᠰᠤᠭᠤᠭ ᠢ ᠴᠠᠭ ᠲᠤᠬᠠᠢ ᠳᠤᠨᠢ ᠠᠷᠢᠯᠭᠠᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠡᠶᠢᠭᠡᠮ ᠠᠵᠦ ᠠᠬᠤᠢ ᠶᠢᠨ ᠬᠦᠭᠵᠢᠯᠳᠡ ᠵᠢᠴᠢ ᠬᠤᠳᠠ ᠶᠢᠨ ᠠᠷᠠᠳ ᠤᠨ ᠠᠮᠤᠷ ᠲᠤᠭᠳᠠᠭᠤᠨ ᠳᠤ ᠨᠡᠩ ᠰᠠᠶᠢᠨ ᠪᠠᠳᠤᠯᠠᠭ᠎ᠠ ᠬᠠᠩᠭᠠᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号