6 ᠰᠠᠷ᠎ᠠ ᠶᠢᠨ22 ᠤ ᠡᠳᠦᠷ᠂ ᠲᠤᠯᠠᠭᠠᠨ ᠭᠡᠷ ᠨᠡᠶᠢᠭᠡᠮ ᠲᠤᠭᠤᠷᠢᠭ ᠬᠠᠶᠢᠷ᠎ᠠ ᠰᠤᠷᠭᠠᠨ ᠬᠦᠮᠦᠵᠢᠯ ᠤᠨ | ᠪᠠᠶᠢᠭᠤᠯᠤᠮᠵᠢ ᠲᠠᠢ ᠬᠠᠮᠳᠤᠷᠠᠨ ︽ᠰᠡᠳᠬᠢᠬᠦᠢ ᠶᠢᠨ ᠵᠢᠯᠤᠭᠤᠳᠤᠮᠵᠢ ᠶᠢᠨ ᠵᠢᠷᠤᠭ︾ ᠤᠨ ᠨᠡᠷᠡᠳᠦ ᠪᠠᠭᠰᠢ ᠯᠢ ᠬᠤᠤ | ᠷᠠᠨ ᠢ ᠤᠷᠢᠵᠦ᠂ ᠰᠡᠳᠬᠢᠬᠦᠢ ᠶᠢᠨ ᠵᠢᠯᠤᠭᠤᠳᠤᠮᠵᠢ ᠶᠢᠨ ᠵᠢᠷᠤᠭ︾ ᠤᠨ ᠨᠡᠷᠡᠳᠦ ᠪᠠᠭᠰᠢ ᠯᠢ ᠬᠤᠤ ᠷᠡᠨ ᠢ ᠤᠷᠢᠵᠦ | ᠂ ᠰᠡᠳᠭᠢᠬᠦᠢ ᠶᠢᠨ ᠵᠢᠯᠤᠭᠤᠳᠤᠮᠵᠢ ᠶᠢᠨ ᠵᠢᠷᠤᠭ ᠤᠨ ᠮᠡᠷᠭᠡᠵᠢᠯ ᠴᠢᠳᠠᠪᠤᠷᠢ ᠶᠢᠨ ᠬᠢᠴᠢᠶᠡᠯ ᠤᠷᠤᠭᠤᠯᠤᠭᠰᠠᠨ ᠪᠠᠶᠢᠨ᠎ᠠ | ᠃ | ᠯᠢ ᠬᠤᠤ ᠷᠡᠨ᠂ ᠰᠡᠳᠬᠢᠬᠦᠢ ᠶᠢᠨ ᠵᠢᠯᠤᠭᠤᠳᠤᠮᠵᠢ ᠶᠢᠨ ᠵᠢᠷᠤᠭ ᠤᠨ ᠲᠤᠬᠠᠢ14 ᠵᠢᠯ ᠲᠤᠰᠬᠠᠶᠢᠯᠠᠨ | ᠰᠤᠳᠤᠯᠭᠠᠨ ᠬᠢᠭᠰᠡᠨ ᠰᠡᠳᠬᠢᠬᠦᠢ ᠶᠢᠨ ᠵᠢᠯᠤᠭᠤᠳᠤᠮᠵᠢ ᠶᠢᠨ ᠵᠢᠷᠤᠭ ᠢ ᠰᠤᠷᠤᠭᠴᠢᠳ ᠤᠨ ᠬᠢᠴᠢᠶᠡᠯ ᠤᠨ ᠲᠡᠪᠳᠡᠷ | ᠲᠤ ᠠᠮᠵᠢᠯᠳᠠᠳᠠᠢ ᠬᠡᠷᠡᠭᠯᠡᠰᠡᠨ ᠲᠤᠰᠬᠠᠢ ᠮᠡᠷᠭᠡᠵᠢᠯᠳᠡᠨ᠂23 ᠳ᠋ᠤᠭᠠᠷ᠂26 ᠳ᠋ᠤᠭᠠᠷ ᠬᠤᠭᠤᠴᠠᠭᠠᠨ ᠤ ᠲᠡᠯᠡᠬᠡᠢ ᠶᠢᠨ | ᠤᠶᠤᠨ ᠤ ᠬᠦᠳᠡᠯᠭᠡᠭᠡᠨ ᠤ ᠰᠣᠷᠭᠠᠭᠴᠢ᠂ ᠲᠡᠯᠡᠬᠡᠢ ᠶᠢᠨ ᠤᠶᠤᠨ ᠤ ᠬᠦᠳᠡᠯᠬᠡᠬᠡᠨ ᠤ ᠬᠡᠥᠬᠡᠳ ᠤᠨ ᠰᠡᠳᠬᠢᠬᠦᠢ ᠶᠢᠨ | ᠰᠤᠳᠤᠯᠭᠠᠨ ᠤ ᠬᠦᠷᠢᠶᠡᠯᠡᠩ ᠤᠨ ᠵᠢᠯᠤᠭᠤᠳᠤᠭᠴᠢ ᠪᠠᠭᠰᠢ ᠪᠤᠯᠤᠨ᠎ᠠ᠃ | ᠬᠦᠳᠡᠯᠬᠡᠬᠡᠨ ᠳᠤ ᠯᠢ ᠬᠤᠤ ᠷᠠᠨ ᠪᠠᠭᠰᠢ ᠠᠴᠠ ᠰᠡᠳᠬᠢᠬᠦᠢ ᠶᠢᠨ ᠵᠢᠯᠤᠭᠤᠳᠤᠮᠵᠢ ᠶᠢᠨ ᠵᠢᠷᠤᠭ ᠤᠨ ᠤᠨᠴᠠᠯᠢᠭ᠂ | ᠬᠡᠷᠡᠭᠯᠡᠭᠡ᠂ ᠲᠠᠪᠠᠭᠤᠯᠢᠭ ᠵᠡᠷᠭᠡ ᠶᠢᠨ ᠲᠤᠬᠠᠢ ᠨᠠᠷᠢᠨ ᠲᠠᠶᠢᠯᠪᠤᠷᠢᠯᠠᠯᠳᠠ ᠬᠢᠵᠦ᠂ ᠪᠠᠭ ᠰᠤᠷᠭᠠᠭᠤᠯᠢ ᠶᠢᠨ ᠬᠤᠶᠠᠷ | ᠰᠤᠷᠤᠭᠴᠢ ᠶᠢ ᠤᠷᠢᠵᠦ᠂ ᠠᠳᠠᠯᠢ ᠪᠤᠰᠤ ᠶᠢᠨ ᠰᠤᠷᠤᠯᠴᠠᠯᠭ᠎ᠠ ᠶᠢᠨ ᠠᠷᠭ᠎ᠠ ᠪᠠᠷ15 ᠮᠢᠨᠦ᠋ᠲ ᠰᠤᠷᠤᠯᠴᠠᠭᠤᠯᠵᠦ᠂ | ᠰᠤᠷᠤᠯᠴᠠᠭᠰᠠᠨ ᠦᠷ᠎ᠡ ᠳ᠋ᠦᠩ ᠢ ᠨᠢ ᠠᠳᠠᠯᠢᠳᠬᠠᠬᠤ ᠪᠠᠷ ᠲᠠᠮᠵᠢᠨ ᠬᠡᠪᠰᠢᠮᠡᠯ ᠰᠤᠷᠤᠯᠴᠠᠯᠭ᠎ᠠ ᠶᠢᠨ ᠠᠷᠭ᠎ᠠ ᠪᠠ | ᠰᠡᠳᠬᠢᠬᠦᠢ ᠶᠢᠨ ᠵᠢᠯᠤᠭᠤᠳᠤᠮᠵᠢ ᠶᠢᠨ ᠵᠢᠷᠤᠭ ᠤᠨ ᠰᠤᠷᠤᠯᠴᠠᠯᠭ᠎ᠠ ᠶᠢᠨ ᠠᠷᠭ᠎ᠠ ᠶᠢ ᠠᠮᠢᠳᠤᠯᠢᠭ ᠢᠶᠠᠷ | ᠬᠠᠷᠢᠴᠠᠭᠤᠯᠵᠦ ᠲᠠᠶᠢᠯᠪᠤᠷᠢᠯᠠᠭᠰᠠᠨ ᠪᠠᠶᠢᠨ᠎ᠠ᠃ | ᠲᠤᠰ ᠣᠳᠠᠭᠠᠨ ᠤ ᠬᠦᠳᠡᠯᠬᠡᠬᠡᠨ ᠨᠢ ᠪᠠᠭᠰᠢ ᠰᠤᠷᠤᠭᠴᠢ ᠳᠤ ᠲᠦᠭᠦᠮ ᠪᠦᠳᠦᠮᠵᠢᠳᠡᠢ ᠰᠢᠨ᠎ᠡ ᠰᠤᠷᠤᠯᠴᠠᠯᠭ᠎ᠠ | ᠶᠢᠨ ᠠᠷᠭ᠎ᠠ ᠤᠬᠠᠭᠠᠨ ᠢ ᠵᠢᠭᠠᠨ ᠦᠭᠴᠦ᠂ ᠬᠦᠮᠦᠵᠢᠯ ᠰᠤᠷᠤᠯᠴᠠᠯᠭ᠎ᠠ ᠶᠢᠨ ᠶᠠᠪᠤᠴᠠ ᠳᠠᠬᠢ ᠰᠢᠨ᠎ᠡ ᠶᠢ ᠡᠭᠦᠳᠬᠦ᠂ | ᠰᠢᠨ᠎ᠡ ᠶᠢ ᠰᠤᠷᠤᠯᠴᠠᠬᠤ᠂ ᠰᠢᠨ᠎ᠡ ᠶᠢ ᠬᠦᠯᠢᠶᠡᠬᠦ ᠵᠤᠷᠢᠭ ᠰᠠᠨᠠᠭ᠎ᠠ ᠶᠢ ᠲᠠᠮᠵᠢᠭᠤᠯᠤᠭᠰᠠᠨ ᠪᠠᠶᠢᠨ᠎ᠠ᠃ |