ᠪᠤᠯᠪᠠᠰᠤᠨ ᠪᠤᠰᠤ ᠦᠢᠯᠡ ᠠᠵᠢᠯᠯᠠᠭ᠎ᠠ ᠳᠤ ︽ᠪᠤᠯᠬᠤ ᠦᠬᠡᠢ︾ ᠬᠡᠵᠦ ᠬᠡᠯᠡᠶ᠎ᠡ
ᠨᠡᠶᠢᠲᠡᠯᠡᠭᠰᠡᠨ ᠴᠠᠭ᠄
2022/6/27
      ᠤᠶᠢᠷ᠎ᠠ ᠳᠤ ᠮᠠᠨ ᠤ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠳᠠᠬᠢ ᠵᠠᠷᠢᠮ ᠠᠷᠠᠳ ᠢᠷᠭᠡᠳ ᠤᠨ ᠤᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠭᠠᠵᠠᠷ ᠢ ᠲᠤᠷ᠎ᠠ ᠪᠠᠷ ᠡᠵᠡᠯᠡᠨ ᠨᠤᠭᠤᠭ᠎ᠠ ᠲᠠᠷᠢᠬᠤ ᠦᠵᠡᠭᠳᠡᠯ ᠤᠷᠤᠰᠢᠵᠦ ᠪᠠᠶᠢᠨ᠎ᠠ᠃      ᠣᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠭᠠᠵᠠᠷ ᠨᠢ ᠪᠦᠬᠦ ᠦᠮᠴᠢᠳᠡᠨ ᠤ ᠬᠠᠮᠳᠦ ᠪᠠᠷ ᠦᠮᠴᠢᠯᠡᠵᠦ ᠪᠠᠶᠢᠭ᠎ᠠ ᠭᠠᠵᠠᠷ ᠪᠤᠯᠬᠤ ᠪᠠᠷ ᠪᠠᠷᠠᠬᠤ ᠦᠭᠡᠢ ᠮᠦᠨ ᠴᠦ ᠬᠤᠳᠠ ᠶᠢᠨ ᠲᠦᠷᠢ ᠲᠦᠷᠬᠦ ᠶᠢᠨ ᠴᠤᠩᠬᠤᠪᠴᠢ᠂ ᠪᠤᠯᠪᠠᠰᠤᠨ ᠬᠤᠳᠠ ᠶᠢᠨ ᠴᠢᠬᠤᠯᠠ ᠪᠡᠯᠭᠡ ᠲᠡᠮᠳᠡᠭ ᠪᠤᠯᠤᠨ᠎ᠠ᠃ ᠤᠯᠠᠨ ᠨᠡᠶᠢᠳᠡ ᠶᠢᠨ ᠨᠤᠭᠤᠭᠠᠷᠠᠭᠤᠯᠯᠤᠳᠠ ᠶᠢᠨ ᠭᠠᠵᠠᠷ ᠢ ᠲᠤᠷ᠎ᠠ ᠪᠠᠷ ᠡᠵᠡᠯᠡᠨ ᠪᠤᠯᠬᠤ ᠪᠠᠷ ᠦᠯᠦ ᠪᠠᠷᠠᠨ ᠨᠡᠩ ᠴᠢᠨᠠᠭᠰᠢᠳᠠ ᠪᠤᠰᠤᠳ ᠰᠠᠭᠤᠭᠠᠯᠢ ᠠᠷᠠᠳ ᠤᠨ ᠬᠠᠥᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠦᠢᠯᠡ ᠠᠵᠢᠯᠠᠭ᠎ᠠ ᠪᠤᠯᠤᠭᠰᠠᠨ ᠪᠠᠶᠢᠨ᠎ᠠ᠃      ᠡᠭᠦᠨ ᠳᠤ᠂ ᠤᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠭᠠᠵᠠᠷ ᠢ ᠲᠤᠷ᠎ᠠ ᠪᠠᠷ ᠡᠵᠡᠯᠡᠨ ᠨᠤᠭᠤᠭ᠎ᠠ ᠲᠠᠷᠢᠵᠦ ᠪᠠᠶᠢᠭ᠎ᠠ ᠰᠠᠭᠤᠭᠠᠯᠢ ᠠᠷᠠᠳ ᠢ ᠤᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠭᠠᠵᠠᠷ ᠲᠠᠬᠢ ᠲᠠᠷᠢᠮᠠᠯ  ᠢᠶᠠᠨ ᠰᠠᠶᠢᠨ ᠲᠤᠷ᠎ᠠ ᠠᠴᠠ ᠪᠠᠨ ᠴᠡᠪᠡᠷᠯᠡᠵᠦ ᠠᠷᠢᠯᠭᠠᠬᠤ ᠶᠢ ᠰᠠᠨᠠᠭᠤᠯᠵᠦ ᠪᠠᠶᠢᠨ᠎ᠠ᠃      ᠬᠤᠳᠠ ᠶᠢᠨ ᠠᠷᠠᠳ ᠪᠦᠬᠦᠨ ᠡᠷᠬᠡᠪᠰᠢ ᠡᠳᠡᠭᠡᠷ ᠪᠤᠯᠪᠠᠰᠤᠨ ᠦᠢᠯᠡ ᠠᠵᠢᠯᠯᠠᠭ᠎ᠠ ᠶᠢ ᠡᠷᠡᠰ ᠲᠠᠪᠴᠢᠵᠦ᠂ ᠪᠤᠯᠪᠠᠰᠤᠨ ᠲᠦᠷᠢ ᠲᠦᠷᠬᠦ ᠶᠢ ᠡᠭᠦᠳᠦᠨ᠂ ᠪᠤᠯᠪᠠᠰᠤᠨ ᠬᠤᠳᠠ ᠶᠢᠨ ᠬᠡᠪ ᠨᠠᠮᠪᠠ ᠶᠢ ᠪᠠᠳᠠᠷᠠᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠪᠤᠯᠪᠠᠰᠤᠨ ᠶᠤᠰᠤ ᠰᠤᠷᠳᠠᠬᠤᠨ ᠲᠠᠢ ᠠᠷᠠᠳ ᠢᠷᠭᠡᠨ ᠪᠤᠯᠬᠤ ᠪᠠᠷ ᠴᠢᠷᠮᠠᠶᠢᠵᠠᠭᠠᠶ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号