ᠪᠠᠶ᠋ᠬᠠᠠᠤᠸᠠ ᠪᠠᠯᠭᠠᠰᠤ ᠶᠢᠨ ᠪᠠᠶᠠᠨᠴᠠᠭᠠᠨ ᠭᠠᠴᠠᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠦ ᠨᠠᠮ ᠪᠠᠶᠢᠭᠤᠯᠤᠭᠳᠠᠭᠰᠠᠨ ᠡᠳᠦᠷ ᠢ ᠲᠡᠮᠳᠡᠭᠯᠡᠬᠦ︾ ᠬᠦᠳᠡᠯᠬᠡᠬᠡᠨ ᠦᠷᠨᠢᠭᠦᠯᠦᠭᠰᠡᠨ
ᠨᠡᠶᠢᠲᠡᠯᠡᠭᠰᠡᠨ ᠴᠠᠭ᠄
2022/6/28
      6 ᠰᠠᠷ᠎ᠠ ᠶᠢᠨ26 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶ᠋ᠬᠠᠠᠤᠸᠠ ᠪᠠᠯᠭᠠᠰᠤ  ᠶᠢᠨ ᠪᠠᠶᠠᠨᠴᠠᠭᠠᠨ ᠭᠠᠴᠠᠭᠠᠨ ᠤ ᠨᠠᠮ ᠤᠨ ᠡᠭᠦᠷ ᠭᠠᠴᠠᠭᠠᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ  ᠲᠤ ᠪᠠᠨ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠦ ᠨᠠᠮ ᠪᠠᠶᠢᠭᠤᠯᠤᠭᠳᠠᠭᠰᠠᠨ ᠡᠳᠦᠷ ᠢ ᠲᠡᠮᠳᠡᠭᠯᠡᠬᠦ︾ ᠬᠦᠳᠡᠯᠬᠡᠬᠡᠨ ᠦᠷᠨᠢᠭᠦᠯᠵᠦ᠂ ᠭᠠᠴᠠᠭᠠᠨ ᠤ ᠨᠠᠮ ᠤᠨ ᠬᠡᠰᠢᠬᠦᠳ ᠪᠠ ᠮᠠᠯᠴᠢᠳ ᠤᠷᠤᠯᠴᠠᠭᠰᠠᠨ ᠪᠠᠶᠢᠨ᠎ᠠ᠃      ᠬᠦᠳᠡᠯᠬᠡᠬᠡᠨ ᠨᠢ ᠮᠠᠯᠴᠢᠳ ᠤᠨ ᠣᠷᠠᠨ ᠰᠠᠶᠢᠬᠠᠨ ᠤ ᠲᠤᠭᠯᠠᠯᠳᠠ᠂ ᠬᠦᠴᠦᠳᠦ ᠪᠦᠬᠡ ᠶᠢᠨ ᠪᠠᠷᠢᠯᠳᠤᠭᠠᠨ᠂ ᠰᠢᠳᠠᠷ᠎ᠠ ᠲᠤᠭᠯᠠᠬᠤ᠂ ᠲᠡᠭᠡᠰᠦ ᠲᠤᠮᠤᠬᠤ᠂ ᠲᠡᠭᠡᠰᠦ ᠲᠠᠳᠠᠬᠤ ᠵᠡᠷᠭᠡ ᠮᠠᠯᠴᠢᠳ ᠤᠨ ᠤᠷᠤᠯᠴᠠᠯᠭ᠎ᠠ ᠲᠠᠢ ᠡᠯᠪᠡᠭ ᠪᠠᠶᠠᠯᠢᠭ ᠠᠭᠤᠯᠭ᠎ᠠ ᠪᠠᠷ ᠶᠠᠪᠤᠭᠳᠠᠵᠦ᠂ ᠬᠢᠯᠢ ᠶᠢᠨ ᠮᠠᠯᠴᠢᠳ ᠮᠠᠨᠢ ᠦᠪᠡᠷᠮᠢᠴᠡ ᠤᠨᠴᠠᠯᠢᠭ ᠢᠶᠠᠷ ᠢᠶᠠᠨ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠣᠭᠳᠤᠵᠦ ᠨᠠᠮ ᠪᠠᠶᠢᠭᠤᠯᠤᠭᠳᠠᠭᠰᠠᠨ ᠡᠳᠦᠷ︾ ᠢ ᠲᠤᠷᠠᠰᠬᠠᠨ ᠲᠡᠮᠳᠡᠭᠯᠡᠵᠡᠢ ᠃ ᠬᠦᠳᠡᠯᠭᠡᠭᠡᠨ ᠳᠤ ᠪᠠᠰᠠ ᠪᠠᠶᠠᠨᠴᠠᠭᠠᠨ ᠭᠠᠴᠠᠭᠠᠨ ᠤ ᠵᠦᠪᠯᠡᠯ ᠠᠴᠠ ᠠᠬᠠᠮᠠᠳ ᠨᠠᠮ ᠤᠨ ᠬᠡᠰᠢᠬᠦᠳ ᠲᠤ ᠪᠠᠨ ᠢᠷᠠᠭᠤ ᠠᠯᠳᠠᠷ ᠤᠨ ᠬᠦᠬᠢᠬᠦᠯᠦᠯ ᠤᠯᠭᠤᠭᠰᠠᠨ ᠪᠠᠶᠢᠨ᠎ᠠ᠃
  
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号