︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠵᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠭᠤᠤᠯ ᠰᠡᠳᠦᠪᠳᠦ ᠰᠤᠶᠤᠯ ᠤᠨ ᠪᠦᠳᠦᠭᠡᠯ ᠤᠨ ᠣᠷᠣᠯᠳᠤᠭᠠᠨ ᠵᠢᠴᠢ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠦᠯᠵᠢᠶᠡᠨ ᠤ ᠮᠡᠳᠡᠯᠭᠡ ᠶᠢᠨ ᠤᠷᠤᠯᠳᠤᠭᠠᠨ ᠤ ᠱᠠᠩᠨᠠᠯ ᠤᠯᠭᠤᠬᠤ ᠶᠤᠰᠤᠯᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2022/6/30
      6 ᠰᠠᠷ᠎ᠠ ᠶᠢᠨ29 ᠤ ᠡᠳᠦᠷ᠂ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ  ᠢ ᠨᠡᠬᠢᠵᠢᠭᠦᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠭᠤᠤᠯ ᠰᠡᠳᠦᠪᠳᠦ ᠰᠤᠶᠤᠯ ᠤᠨ ᠪᠦᠳᠦᠭᠡᠯ ᠤᠨ ᠤᠷᠤᠯᠳᠤᠭᠠᠨ ᠵᠢᠴᠢ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ  ᠶᠢᠨ ᠰᠠᠷ᠎ᠠ ᠶᠢᠨ ᠰᠦᠯᠵᠢᠶᠡᠨ ᠤ ᠮᠡᠳᠡᠯᠭᠡ ᠶᠢᠨ ᠣᠷᠣᠯᠳᠤᠭᠠᠨ ᠤ ᠱᠠᠩᠨᠠᠯ ᠤᠯᠭᠤᠬᠤ ᠶᠤᠰᠤᠯᠠᠯ ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠭᠢᠮ ᠳᠤ ᠶᠠᠪᠤᠭᠳᠠᠵᠦ᠂ ᠬᠤᠰᠢᠭᠤᠨ ᠤ ᠤᠳᠤᠷᠢᠳᠤᠯᠭ᠎ᠠ ᠵᠠᠩ ᠪᠠᠭᠠᠨ᠎ᠠ᠂ ᠵᠠᠩ ᠰᠢᠦᠢ᠂ ᠯᠢᠦ ᠶᠧ᠂ ᠰᠠᠷᠠᠩᠭᠤᠸ᠎ᠠ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠳ ᠶᠤᠰᠤᠯᠠᠯ ᠳᠤ ᠤᠷᠤᠯᠴᠠᠭᠰᠠᠨ ᠪᠠᠶᠢᠨ᠎ᠠ᠃
微信图片_20220701085649.jpg     
      ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠣᠬᠠᠮᠰᠠᠷ ᠢ ᠪᠠᠬᠢᠵᠢᠬᠦᠯᠵᠦ᠂  ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ︾ ᠭᠤᠤᠯ ᠰᠡᠳᠦᠪᠳᠦ ᠰᠤᠶᠤᠯ ᠤᠨ ᠪᠦᠳᠦᠭᠡᠯ ᠤᠨ ᠤᠷᠤᠯᠳᠤᠭᠠᠨ ᠨᠢ4 ᠰᠠᠷ᠎ᠠ ᠶᠢᠨ16 ᠤ ᠡᠳᠦᠷ ᠡᠬᠢᠯᠡᠭᠰᠡᠨ ᠠᠴᠠ ᠨᠠᠰᠢ᠂ ᠢᠯᠡ ᠪᠠᠷ ᠪᠦᠳᠦᠭᠡᠯ ᠴᠤᠭᠯᠠᠭᠤᠯᠵᠦ᠂ ᠰᠦᠯᠵᠢᠶᠡᠨ ᠭᠠᠳᠠᠨᠠᠬᠢ ᠦᠵᠡᠭᠦᠯᠦᠯᠭᠡ ᠭᠠᠷᠭᠠᠬᠤ᠂ ᠰᠦᠯᠵᠢᠶ᠎ᠡ ᠪᠠᠷ ᠪᠢᠯᠧᠲ ᠦᠭᠬᠦ ᠪᠠ ᠲᠤᠬᠠᠢ ᠶᠢᠨ ᠲᠠᠯᠠᠪᠤᠷ ᠲᠤ ᠪᠢᠯᠧᠲ ᠦᠭᠬᠦ ᠵᠡᠷᠭᠡ ᠠᠯᠬᠤᠮ ᠢᠶᠠᠷ ᠶᠠᠪᠤᠭᠳᠠᠭᠰᠠᠨ ᠪᠠᠶᠢᠨ᠎ᠠ᠃ ︽ᠰᠦᠯᠵᠢᠶᠡᠨ ᠲᠡᠭᠡᠷ᠎ᠡ ᠪᠠ ᠰᠦᠯᠵᠢᠶᠡᠨ ᠲᠤᠤᠷᠠᠬᠢ︾ ᠠᠵᠢᠯᠯᠠᠭ᠎ᠠ ᠪᠠᠷ ᠲᠠᠮᠵᠢᠨ᠂ ᠣᠷᠣᠯᠳᠣᠭᠠᠨ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠯ᠎ᠡ ᠦᠨᠳᠦᠰᠦᠳᠡᠨ ᠤ ᠰᠤᠶᠤᠯ ᠢ ᠠᠭᠤᠳᠠᠯᠵᠦ᠂ ᠭᠠᠷ ᠤᠷᠠᠯᠠᠯ ᠤᠨ ᠴᠢᠳᠠᠪᠤᠷᠢᠳᠠᠨ ᠢ ᠲᠠᠶᠢᠴᠢᠯᠠᠨ ᠡᠯ᠎ᠡ ᠦᠨᠳᠦᠰᠦᠳᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠰᠤᠶᠤᠯ ᠤᠨ ᠪᠦᠳᠦᠭᠡᠯ ᠢ ᠲᠦᠰᠦᠪᠯᠡᠨ ᠦᠢᠯᠡᠳᠴᠦ᠂ ᠮᠠᠨ ᠤ ᠬᠤᠰᠢᠭᠤᠨ ᠤ ᠰᠤᠶᠤᠯ ᠤᠨ ᠪᠦᠳᠦᠭᠡᠯ ᠤᠨ ᠠᠵᠦ ᠦᠢᠯᠡᠰ ᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠵᠤᠬᠢᠬᠤ ᠦᠢᠯᠡᠳᠦᠯ ᠦᠵᠡᠭᠦᠯᠦᠭᠰᠡᠨ ᠢ ᠬᠠᠷᠠᠭᠤᠯᠵᠦ ᠪᠠᠶᠢᠨ᠎ᠠ᠃ ᠨᠢᠭᠡᠳᠦᠭᠡᠷ ᠲᠤ1 ᠨᠠᠷᠡᠰ᠂ ᠬᠤᠶᠠᠳᠤᠭᠠᠷ ᠲᠤ2 ᠨᠡᠷᠡᠰ᠂ ᠭᠤᠷᠪᠠᠳᠤᠭᠠᠷ ᠲᠤ3 ᠨᠡᠷᠡᠰ ᠢ ᠱᠠᠩᠨᠠᠨ ᠬᠦᠬᠢᠭᠦᠯᠦᠭᠰᠡᠨ ᠪᠠᠶᠢᠨ᠎ᠠ᠃
      ᠰᠦᠯᠵᠢᠶᠡᠨ ᠤ ᠮᠡᠳᠡᠯᠭᠡ ᠶᠢᠨ ᠤᠷᠤᠯᠳᠤᠭᠠᠨ ᠤ ᠰᠡᠳᠦᠪ ᠬᠠᠷᠢᠭᠤᠯᠬᠤ ᠠᠵᠢᠯᠯᠠᠭ᠎ᠠ ᠦᠷᠨᠢᠭᠦᠯᠵᠦ ᠪᠠᠶᠢᠭ᠎ᠠ ᠬᠤᠭᠤᠴᠠᠭᠠᠨ ᠳᠤ᠂ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠪᠤᠯᠤᠨ ᠡᠯ᠎ᠡ ᠰᠤᠮᠤ ᠰᠢᠶᠠᠩ ᠪᠠᠯᠭᠠᠰᠤᠨ ᠤ ᠺᠠᠳ᠋ᠷ ᠤᠯᠠᠨ ᠲᠦᠮᠡᠨ ᠢᠳᠡᠪᠬᠢᠳᠡᠢ ᠪᠠᠷ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠮᠡᠳᠡᠯᠭᠡ ᠶᠢᠨ ᠰᠡᠳᠦᠪ ᠬᠠᠷᠢᠭᠤᠯᠬᠤ ᠤᠷᠤᠯᠳᠤᠭᠠᠨ ᠳᠤ ᠤᠷᠤᠯᠴᠠᠵᠦ᠂ ᠨᠢᠭᠡᠳᠦᠭᠡᠷ ᠲᠤ1 ᠨᠡᠷᠡᠰ᠂ ᠬᠤᠶᠠᠳᠤᠭᠠᠷ ᠲᠤ2 ᠨᠡᠷᠡᠰ᠂ ᠭᠤᠷᠪᠠᠳᠤᠭᠠᠷ ᠲᠤ3 ᠨᠡᠷᠡᠰ ᠢ ᠱᠠᠩᠨᠠᠨ ᠬᠦᠭᠢᠬᠦᠯᠦᠭᠰᠡᠨ ᠪᠠᠶᠢᠨ᠎ᠠ᠃      ᠱᠠᠩᠨᠠᠯ ᠤᠯᠭᠤᠬᠤ ᠶᠤᠰᠤᠯᠠᠯ ᠤᠨ ᠲᠤᠬᠠᠢ ᠶᠢᠨ ᠲᠠᠯᠠᠪᠠᠢ ᠳᠤ ᠬᠤᠰᠢᠭᠤᠨ ᠤ ᠤᠯᠠᠭᠠᠨᠮᠦ᠋ᠴᠢᠷ᠂ ᠪᠠᠶ᠋ᠬᠠᠤᠪᠤᠭ᠎ᠠ ᠰᠤᠮᠤᠨ ᠤ ᠤᠯᠠᠭᠠᠨ ᠠᠨᠠᠷ ᠤᠷᠠᠯᠢᠭ ᠤᠨ ᠪᠦᠯᠬᠦᠮ ᠤ ᠲᠤᠭᠯᠠᠭᠴᠢᠳ ᠠᠴᠠ ᠭᠤᠶᠢᠳᠠ ᠰᠠᠶᠢᠬᠠᠨ ᠲᠤᠭᠯᠠᠯᠳᠠ ᠭᠠᠲᠭᠠᠭᠰᠠᠨ ᠪᠠᠶᠢᠨ᠎ᠠ᠃ 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号