ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ 2022 ᠣᠨ ᠤ ᠠᠵᠢᠯ ᠥᠷᠨᠢᠭᠦᠯᠦᠭᠰᠡᠨ ᠪᠠᠶᠢᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2022/6/8
     
微信图片_20220608093303.png
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ     ᠮᠠ ᠸᠧᠨ ᠭᠠᠩ      ᠨᠢᠭᠡ᠂ 2022 ᠣᠨ ᠤ ᠣᠶ ᠰᠢᠭᠤᠢ ᠨᠤᠲᠤᠭ ᠪᠡᠯᠴᠢᠭᠡᠷ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ      2022 ᠣᠨ ᠳᠤ᠂ ᠮᠠᠨ ᠤ ᠲᠣᠪᠴᠢᠶ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠳᠡᠮᠵᠢᠯᠭᠡ ᠵᠢᠯᠣᠭᠤᠳᠤᠯᠭ᠎ᠠ ᠳᠣᠣᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠵᠣᠷᠢᠯᠲᠠ ᠪᠣᠯᠭᠠᠵᠤ᠂ ᠠᠮᠢ ᠠᠬᠤᠢ ᠶᠢ ᠰᠠᠶᠢᠵᠢᠷᠠᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠭᠠᠷᠳᠠᠴᠠ ᠪᠣᠯᠭᠠᠵᠤ᠂ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠵᠢᠴᠢ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠶᠡᠬᠡᠪᠡᠷ ᠬᠡᠷᠡᠭᠵᠢᠭᠦᠯᠬᠦ ᠶᠢᠨ ᠬᠠᠮᠲᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠡᠭᠦᠷᠭᠡᠯᠡᠵᠦ ᠪᠦᠬᠦᠢ ᠡᠯ᠎ᠡ ᠵᠦᠢᠯ ᠤᠨ ᠡᠭᠦᠷᠭᠡ ᠴᠢᠳᠠᠪᠤᠷᠢ ᠶᠢ ᠬᠢᠨᠠᠮᠠᠭᠠᠢ ᠭᠦᠢᠴᠡᠳᠬᠡᠨ ᠠᠮᠢ ᠠᠬᠤᠢ ᠶᠢᠨ ᠪᠣᠯᠪᠠᠰᠤᠨ ᠪᠠ ᠦᠵᠡᠰᠬᠦᠯᠡᠩᠲᠦ ᠰᠠᠶᠢᠬᠠᠨ ᠳᠠᠷᠬᠠᠨ ᠮᠤᠤᠮᠢᠩᠭᠠᠨ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ ᠡᠨᠡ ᠵᠢᠯ ᠤᠨ ᠭᠢᠯᠠᠰ ᠴᠡᠭ ᠡᠭᠦᠳᠦᠭᠰᠡᠨ ᠠᠵᠢᠯ ᠤᠳ᠄      ︵ᠨᠢᠭᠡ︶ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠤᠨ ᠴᠦᠯᠵᠢᠯ ᠢ ᠵᠠᠰᠠᠬᠤ ᠲᠥᠷᠥᠯ ᠵᠦᠢᠯ᠃ᠶᠡᠷᠦᠩᠬᠡᠢ ᠪᠡᠯᠡ ᠣᠷᠣᠭᠤᠯᠤᠯᠲᠠ 2861 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠪᠡᠯᠡ ᠣᠷᠣᠭᠤᠯᠤᠯᠲᠠ 2564 ᠲᠦᠮᠡᠨ ᠲᠥᠭᠦᠷᠢᠭ᠃ ᠣᠯᠠᠨ ᠲᠦᠮᠡᠨ ᠤ ᠬᠦᠴᠦ ᠬᠥᠳᠡᠯᠮᠦᠷᠢ ᠶᠢᠨ ᠪᠡᠯᠡ ᠣᠷᠣᠭᠤᠯᠤᠯᠲᠠ ᠶᠢ 297 ᠲᠦᠮᠡᠨ ᠲᠥᠭᠦᠷᠢᠭ ᠢᠶᠠᠷ ᠨᠤᠭᠤᠯᠤᠨ ᠪᠤᠳᠤᠪᠠ᠃ ᠪᠦᠲᠦᠭᠡᠨ ᠪᠠᠶᠢᠭᠤᠯᠬᠤ ᠠᠭᠤᠯᠭ᠎ᠠ ᠳᠤ᠄ 10 ᠲᠦᠮᠡᠨ ᠮᠦ ᠠᠭᠤᠯᠠ ︵ᠡᠯᠡᠰᠤ︶ ᠶᠢ ᠪᠢᠲᠡᠭᠦᠮᠵᠢᠯᠡᠨ ᠣᠶ ᠮᠤᠳᠤ ᠲᠠᠷᠢᠪᠠ᠃ 68 ᠲᠦᠮᠡᠨ ᠮᠧᠲᠷ ᠬᠠᠰᠢᠶᠠᠯᠠᠨ ᠲᠠᠷᠢᠪᠠ᠃ ᠨᠣᠭᠤᠭᠠᠨ ᠢᠶᠠᠷ ᠳᠠᠷᠤᠰᠢᠭᠤᠯᠬᠤ ᠵᠣᠭᠤᠷᠢ 2 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠭᠤᠯᠪᠠ᠃ ᠲᠡᠵᠢᠭᠡᠯ ᠪᠣᠷᠳᠣᠭᠠᠨ ᠤ ᠮᠠᠰᠢᠨ 500 ︵ᠰᠠᠭᠤᠷᠢ ᠪᠤᠶᠤ ᠢᠵᠢ︶ ᠪᠡᠯᠡᠳᠭᠡᠪᠡ᠃ ᠣᠳᠣᠬᠠᠨ ᠪᠣᠯᠲᠠᠯ᠎ᠠ᠂ ᠲᠥᠷᠥᠯ ᠵᠦᠢᠯ ᠤᠨ ᠮᠠᠲ᠋ᠧᠷᠢᠶᠠᠯ ᠬᠤᠳᠠᠯᠳᠤᠨ ᠠᠪᠬᠤ ᠠᠵᠢᠯ ᠪᠠ ᠨᠣᠭᠤᠭᠠᠨ ᠵᠣᠭᠤᠷᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠵᠤ᠂ ᠪᠣᠷᠳᠣᠭᠠᠨ ᠤ ᠮᠠᠰᠢᠨ ᠢ ᠨᠢᠭᠡᠨᠲᠡ ᠲᠦᠭᠡᠭᠡᠵᠦ᠂ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠪᠠ ᠬᠠᠰᠢᠶᠠᠯᠠᠨ ᠲᠠᠷᠢᠬᠤ ᠠᠵᠢᠯ ᠢ ᠶᠠᠭ ᠬᠢᠵᠦ ᠪᠠᠶᠢᠨ᠎ᠠ᠃      ︵ᠬᠤᠶᠠᠷ︶ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ᠃      ᠶᠡᠷᠦᠩᠬᠡᠢ ᠪᠡᠯᠡ ᠣᠷᠣᠭᠤᠯᠤᠯᠲᠠ ᠨᠢ 1083 ᠲᠦᠮᠡᠨ ᠲᠥᠭᠦᠷᠢᠭ ᠪᠠᠶᠢᠵᠤ᠂ 4 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠤ᠂ ᠡᠭᠦᠨ ᠳᠤ 3.2 ᠲᠦᠮᠡᠨ ᠮᠦ ᠬᠠᠭᠠᠯᠪᠤᠷᠢᠯᠠᠬᠤ ᠦᠭᠡᠢ ᠪᠠᠷ ᠨᠦᠬᠦᠨ ᠳᠠᠷᠢᠵᠤ᠂ 0.8 ᠲᠦᠮᠡᠨ ᠮᠦ ᠶᠢ ᠬᠦᠷᠢᠶᠡᠯᠡᠨ ᠪᠢᠲᠡᠭᠦᠮᠵᠢᠯᠡᠪᠡ᠃ ᠣᠳᠣᠬᠠᠨ ᠳᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠨᠢᠭᠡᠨᠲᠡ ᠳᠠᠭᠤᠰᠬᠠᠵᠤ᠂ ᠮᠠᠲ᠋ᠧᠷᠢᠶᠠᠯ ᠪᠡᠯᠡᠳᠬᠡᠬᠦ ᠪᠠ ᠭᠠᠵᠠᠷ ᠰᠢᠷᠣᠢ ᠶᠢ ᠬᠢᠨᠠᠨ ᠬᠠᠷᠭᠤᠭᠤᠯᠬᠤ ᠠᠵᠢᠯ ᠢ ᠬᠢᠵᠦ ᠪᠠᠶᠢᠨ᠎ᠠ᠂ ᠵᠢᠱᠢᠯᠲᠡ ᠪᠠᠷ ᠬᠦᠷᠢᠶ᠎ᠡ ᠬᠠᠰᠢᠶ᠎ᠠ ᠶᠢᠨ ᠢᠨᠵᠧᠨᠧᠷᠢᠩ ᠢ 6 ᠰᠠᠷ᠎ᠠ ᠶᠢᠨ ᠳᠤᠮᠳᠠᠴᠢ ᠪᠠᠷ ᠠᠵᠢᠯ ᠡᠬᠢᠯᠡᠭᠦᠯᠵᠦ᠂ ᠨᠦᠬᠦᠨ ᠲᠠᠷᠢᠬᠤ ᠢᠨᠵᠧᠨᠧᠷᠢᠩ ᠢ 7 ᠰᠠᠷ᠎ᠠ ᠶᠢᠨ ᠡᠬᠢ ᠪᠠᠷ ᠠᠵᠢᠯ ᠡᠬᠢᠯᠡᠭᠦᠯᠦᠨ᠎ᠡ᠃ ᠨᠤᠲᠤᠭ ᠪᠡᠯᠴᠢᠭᠡᠷ ᠤᠨ ᠲᠣᠭᠲᠠᠮᠠᠯ ᠬᠢᠨᠠᠨ ᠬᠡᠮᠵᠢᠬᠦ ᠴᠡᠭ ᠲᠤ ᠨᠢᠭᠡᠨᠲᠡ 2 ᠤᠳᠠᠭᠠᠨ ᠤ ᠬᠡᠪ ᠤᠨ ᠬᠢᠨᠠᠨ ᠬᠡᠮᠵᠢᠯᠲᠡ ᠬᠢᠪᠠ᠃      ︵ᠭᠤᠷᠪᠠ︶ ᠣᠶᠢᠵᠢᠭᠤᠯᠤᠯᠲᠠ ᠶᠢᠨ ᠨᠥᠬᠦᠪᠦᠷᠢ ᠶᠢᠨ ᠲᠥᠷᠥᠯ ᠵᠦᠢᠯ ᠤᠨ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ ᠣᠶ ᠰᠢᠭᠤᠢ ᠶᠢ ᠥᠭᠡᠷᠡᠴᠢᠯᠡᠬᠦ ᠢᠨᠵᠧᠨᠧᠷᠢᠩ᠃ᠶᠡᠷᠦᠩᠬᠡᠢ ᠪᠡᠯᠡ ᠣᠷᠣᠭᠤᠯᠤᠯᠲᠠ ᠨᠢ 1370 ᠲᠦᠮᠡᠨ ᠲᠥᠭᠦᠷᠢᠭ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ᠄ ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠣᠶ ᠰᠢᠭᠤᠢ ᠶᠢ 17500 ᠮᠦ ᠥᠭᠡᠷᠡᠴᠢᠯᠡᠨ᠎ᠡ᠂ ᠡᠭᠦᠨ ᠳᠤ ᠲᠤᠷᠤᠭ ᠮᠣᠳᠣ 7000 ᠮᠦ᠂ ᠪᠣᠳᠠ ᠮᠣᠳᠣ 12500 ᠮᠦ᠃ 10000 ᠮᠦ ᠣᠶ ᠰᠢᠭᠤᠢ ︵ᠪᠤᠲᠠ ᠮᠣᠳᠣᠨ ᠤ ᠣᠶ ᠶᠢᠨ ᠲᠡᠭᠰᠢ ᠭᠤᠤᠷᠰᠤ︶ ᠶᠢᠨ ᠴᠢᠨᠠᠷ ᠢ ᠤᠨᠤᠪᠴᠢᠲᠠᠢ ᠪᠠᠷ ᠰᠠᠶᠢᠵᠢᠷᠠᠭᠤᠯᠤᠨ᠎ᠠ᠃ ᠣᠲᠣ ᠪᠣᠯᠲᠠᠯ᠎ᠠ ᠂ 7000 ᠮᠦ ᠲᠤᠷᠤᠭ ᠮᠣᠳᠣᠨ ᠤ ᠣᠶ ᠶᠢᠨ ᠥᠭᠡᠷᠡᠴᠢᠯᠡᠯᠲᠡ ᠬᠢᠵᠤ᠂ ᠭᠤᠣᠯᠳᠠᠭᠤ ᠬᠠᠶᠢᠯᠠᠰᠤᠨ ᠮᠣᠳᠣ᠂ ᠤᠯᠢᠶᠠᠰᠤᠨ ᠮᠣᠳᠣᠨ ᠤ ᠲᠥᠷᠥᠯ ᠪᠤᠯᠭᠠᠪᠠ᠃ ᠪᠤᠲᠠ ᠮᠣᠳᠣᠨ ᠤ ᠤᠢ ᠶᠢ ᠥᠭᠡᠷᠡᠴᠢᠯᠡᠬᠦ ᠠᠵᠢᠯ ᠢ ᠪᠣᠷᠣᠭᠠᠨ ᠤ ᠤᠯᠠᠷᠢᠯ ᠳᠤ ᠣᠷᠣᠭᠰᠠᠨ ᠤ ᠲᠠᠷᠠᠭ᠎ᠠ ᠡᠬᠢᠯᠡᠵᠤ᠂ ᠭᠤᠣᠯᠳᠠᠭᠤ ᠵᠢᠵᠢᠭ ᠨᠠᠪᠴᠢ ᠲᠠᠢ ᠬᠠᠷᠭᠠᠨ᠎ᠠ ᠲᠠᠷᠢᠨ᠎ᠠ᠃      ︵ᠳᠥᠷᠪᠡ︶ 2022 ᠣᠨ ᠤ ᠣᠶ ᠰᠢᠭᠤᠢ ᠠᠷᠠᠴᠢᠯᠠᠨ ᠤᠷᠭᠤᠭᠤᠯᠬᠤ ᠲᠥᠷᠥᠯ ᠵᠦᠢᠯ᠃      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 100 ᠲᠦᠮᠡᠨ ᠲᠥᠭᠦᠷᠢᠭ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ᠄ ᠪᠤᠲᠠ ᠮᠣᠳᠣᠨ ᠤ ᠣᠶ ᠶᠢᠨ ᠲᠡᠭᠰᠢ ᠭᠤᠤᠷᠰᠤ 5000 ᠮᠦ ᠲᠠᠷᠢᠨ᠎ᠠ᠃ ᠣᠳᠣᠬᠠᠨ ᠳᠤ ᠶᠠᠭ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠵᠢᠯ ᠢ ᠥᠷᠨᠢᠭᠦᠯᠵᠦ᠂ ᠨᠠᠮᠤᠷ ᠡᠪᠦᠯ ᠤᠨ ᠤᠯᠠᠷᠢᠯ ᠤᠨ ᠢᠴᠡᠭᠡᠯᠡᠬᠦ ᠬᠤᠭᠤᠴᠠᠭᠠᠨ ᠳᠤ ᠣᠷᠣᠭᠰᠠᠨ ᠤ ᠳᠠᠷᠠᠭ᠎ᠠ ᠡᠬᠢᠯᠡᠵᠦ ᠠᠵᠢᠯᠯᠠᠨ᠎ᠠ᠃      ︵ᠲᠠᠪᠤ︶ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠥᠬᠦ ᠬᠤᠰᠢᠭᠤᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭᠠᠨ ᠳᠤ ᠨᠡᠶᠢᠲᠡ 50000 ᠭᠠᠷᠤᠢ ᠰᠠᠭᠤᠷᠢ ᠤᠯᠢᠶᠠᠰᠤᠨ ᠮᠣᠳᠣ᠂ ᠬᠠᠶᠢᠯᠠᠰᠤᠨ ᠮᠣᠳᠣ᠂ ᠵᠢᠭᠠᠷᠲᠤ ᠨᠠᠷᠠᠰᠤ ᠵᠡᠷᠭᠡ ᠶᠢᠨ ᠵᠤᠯᠵᠠᠭᠠᠨ ᠮᠣᠳᠣ ᠳᠠᠷᠢᠵᠤ᠂ ᠨᠣᠭᠤᠭᠠᠷᠠᠭᠤᠯᠤᠭᠰᠠᠨ ᠲᠠᠯᠠᠪᠠᠶ ᠨᠢ 700 ᠮᠦ ᠶᠢ ᠳᠠᠪᠠᠪᠠ᠃      ᠬᠤᠶᠠᠷ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ      ︵ᠨᠢᠭᠡ︶ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠪᠠ᠃ ᠬᠤᠰᠢᠭᠤᠨ ᠤ ᠲᠠᠰ ᠤᠨ ᠣᠶ ᠰᠢᠭᠤᠢ ᠶᠢᠨ ᠳᠠᠷᠤᠭ᠎ᠠ 5 ᠤᠳᠠᠭ᠎ᠠ ᠲᠣᠭᠤᠷᠢᠨ ᠴᠠᠭᠳᠠᠵᠤ᠂ ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠳᠦᠷᠢᠮ ᠵᠢᠴᠢ ᠣᠶ ᠰᠢᠭᠤᠢ ᠶᠢ ᠲᠣᠭᠤᠷᠢᠨ ᠴᠠᠭᠳᠠᠬᠤ ᠤᠬᠠᠭᠤᠯᠭ᠎ᠠ ᠵᠡᠷᠭᠡ ᠠᠵᠢᠯ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢᠨ ᠳᠡᠪᠲᠡᠷ ᠢ 20000 ᠬᠤᠪᠢ ᠨᠠᠶᠢᠷᠠᠭᠤᠯᠤᠨ ᠳᠠᠷᠤᠮᠠᠯᠯᠠᠵᠤ᠂ 2 ᠲᠣᠮᠣ ᠬᠡᠯᠪᠡᠷᠢ ᠶᠢᠨ ᠤᠬᠠᠭᠤᠯᠭ᠎ᠠ ᠶᠢᠨ ᠫᠠᠶᠢᠰᠠ ᠬᠢᠵᠤ᠂ 13 ᠲᠣᠮᠣ ᠬᠡᠯᠪᠡᠷᠢ ᠶᠢᠨ ᠤᠬᠠᠭᠤᠯᠭ᠎ᠠ ᠶᠢᠨ ᠫᠠᠶᠢᠰᠠ ᠪᠠ ᠬᠠᠷᠢᠭᠤᠴᠠᠯᠭ᠎ᠠ ᠶᠢᠨ ᠣᠷᠣᠨ ᠤ ᠬᠤᠪᠢᠶᠠᠷᠢᠯᠠᠯ ᠤᠨ ᠫᠠᠶᠢᠰᠠ ᠶᠢ ᠢᠯᠡ ᠪᠠᠷ ᠵᠠᠷᠯᠠᠪᠠ ᠃ 2021 ᠣᠨ ᠤ ᠤᠯᠤᠰ ᠪᠣᠯᠣᠨ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠤᠢ ᠶᠢᠨ ᠨᠥᠬᠦᠪᠦᠷᠢ ᠣᠯᠭᠤᠬᠤ ᠲᠥᠰᠥᠯ ᠢ ᠨᠢᠭᠡᠨᠲᠡ ᠨᠠᠶᠢᠷᠠᠭᠤᠯᠤᠨ ᠵᠣᠬᠢᠶᠠᠵᠤ᠂ 1800 ᠭᠠᠷᠤᠢ ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠳᠠᠩᠰᠠᠯᠠᠨ ᠲᠤᠰᠢᠶᠠᠬᠤ ᠠᠵᠢᠯ ᠢ ᠪᠡᠶᠡᠯᠡᠭᠦᠯᠵᠦ᠂ ᠤᠳᠤ ᠶᠠᠭ ᠬᠠᠮᠢᠶᠠᠷᠤᠨ ᠬᠠᠮᠠᠭᠠᠯᠠᠭᠴᠢ ᠤᠢ ᠬᠠᠮᠠᠭᠠᠯᠠᠭᠴᠢ ᠶᠢᠨ ᠪᠣᠯᠪᠠᠰᠤᠷᠠᠯ ᠢ ᠥᠷᠨᠢᠭᠦᠯᠵᠦ ᠪᠤᠢ᠃ 2022 ᠣᠨ ᠤ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠥᠰᠥᠯ ᠢ ᠶᠠᠭ ᠱᠠᠯᠠᠪᠳᠠᠨ ᠨᠠᠶᠢᠷᠠᠭᠤᠯᠵᠤ ᠪᠤᠢ᠃ ᠳᠡᠭᠡᠷ᠎ᠡ ᠬᠠᠭᠠᠰ ᠵᠢᠯ ᠳᠤ 45 ᠤᠳᠠᠭ᠎ᠠ ᠨᠤᠲᠤᠭ ᠪᠡᠯᠴᠢᠭᠡᠷ  ᠢ ᠲᠠᠲᠠᠪᠤᠷᠢᠯᠠᠨ ᠬᠡᠷᠡᠭᠯᠡᠬᠦ ᠭᠠᠷᠳᠠᠮ ᠭᠦᠢᠴᠡᠳᠬᠡᠵᠡᠢ᠃      ︵ᠬᠤᠶᠠᠷ︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠪᠡᠶᠡᠯᠡᠭᠦᠯᠪᠡ᠃ ᠮᠠᠨ ᠤ ᠬᠤᠰᠢᠭᠤ ᠨᠤᠲᠤᠭ ᠪᠡᠯᠴᠢᠭᠡᠷ ᠤᠨ ︽ᠬᠤᠶᠠᠷ ᠡᠷᠬᠡ ᠨᠢᠭᠡ ᠳᠦᠷᠢᠮ︾ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽︿ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠢᠯᠤᠭᠤᠳᠬᠤ ᠰᠠᠨᠠᠯ﹀ ︵ᠡᠳ᠋ ᠲᠠᠷᠢᠶᠠᠯᠠᠩ ︿2021﹀ 82 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠬᠤ ᠲᠤᠬᠠᠢ ᠡᠳ᠋ ᠤᠨ ᠵᠠᠰᠠᠭ ᠤᠨ ᠶᠠᠮᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠳᠦᠷᠢᠮ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠤᠶᠠᠯᠳᠤᠭᠤᠯᠤᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ︾ ︵2021 ︱ 2025 ᠣᠨ︶ ᠢ ᠲᠣᠭᠲᠠᠭᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠥᠬᠦᠪᠦᠷᠢ ᠶᠢᠨ ᠲᠣᠭᠲᠠᠴᠠ ᠶᠢ ᠨᠠᠶᠢᠳᠠᠪᠤᠷᠢᠵᠢᠭᠤᠯᠪᠠ᠃ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠲᠠᠷᠬᠠᠯᠲᠠ ᠵᠢᠴᠢ ᠲᠣᠬᠢᠷᠠᠮᠵᠢᠲᠠᠢ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠵᠡᠷᠭᠡ ᠠᠵᠢᠯ ᠢ ᠪᠡᠶᠡᠯᠡᠭᠦᠯᠬᠦ ᠶᠢᠨ ᠬᠠᠮᠲᠤ᠂ ᠬᠠᠮᠢᠶ᠎ᠠ ᠪᠦᠬᠦᠢ ᠭᠡᠷ᠎ᠡ ᠶᠢ ᠰᠢᠶᠠᠩ ᠪᠠᠯᠭᠠᠰᠤᠨ ᠳᠤ ᠲᠠᠷᠬᠠᠭᠠᠵᠤ᠂ ᠳᠠᠭᠠᠭᠠᠴᠢᠯᠠᠭᠰᠠᠨ ᠨᠤᠲᠤᠭ ᠪᠡᠯᠴᠢᠭᠡᠷ ᠤᠨ ᠲᠠᠯᠠᠪᠠᠶ᠂ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠵᠢᠴᠢ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢ ᠦᠨᠡᠯᠡᠨ ᠵᠢᠱᠢᠵᠦ ᠲᠣᠭᠠᠴᠠᠭ᠎ᠠ ᠬᠢᠬᠦ᠂ ᠭᠡᠷ᠎ᠡ ᠲᠣᠭᠲᠠᠬᠤ ᠵᠡᠷᠭᠡ ᠬᠠᠮᠢᠶ᠎ᠠ ᠪᠦᠬᠦᠢ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠳᠤ ᠰᠠᠭᠤᠷᠢ ᠲᠠᠯᠪᠢᠪᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠴᠢᠭᠯᠡᠯᠲᠦ ᠲᠤᠭ᠎ᠠ ᠪᠠᠷᠢᠮᠲᠠ ᠶᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠬᠤᠶᠠᠷ ᠠᠯᠪᠠᠨ ᠭᠡᠷ ᠲᠠᠢ ᠬᠠᠮᠵᠢᠯᠴᠠᠨ 2 ᠤᠳᠠᠭ᠎ᠠ ᠬᠢᠨᠠᠨ ᠪᠠᠶᠢᠴᠠᠭᠠᠵᠤ ᠬᠢᠨᠠᠨ ᠵᠢᠯᠤᠭᠤᠳᠬᠤ ᠠᠵᠢᠯ ᠥᠷᠨᠢᠭᠦᠯᠪᠡ᠃      ︵ᠭᠤᠷᠪᠠ︶ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠬᠢᠨᠠᠨ ᠬᠡᠮᠵᠢᠯᠲᠡ ᠪᠠᠷ ᠨᠤᠲᠤᠭ ᠪᠡᠯᠴᠢᠭᠡᠷ ᠤᠨ ᠴᠠᠷᠴᠠᠬᠠᠢ ᠶᠢᠨ ᠳᠤᠮᠳᠠ ᠵᠡᠷᠭᠡ ᠠᠴᠠ ᠳᠡᠭᠡᠭᠰᠢ ᠡᠭᠦᠰᠦᠭᠰᠡᠨ ᠭᠠᠮᠰᠢᠭ ᠤᠨ ᠲᠠᠯᠠᠪᠠᠶ ᠨᠢ ᠪᠠᠷᠤᠭ 50 ᠲᠦᠮᠡᠨ ᠮᠦ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠤᠨ ᠲᠠᠯᠠᠪᠠᠶ ᠨᠢ 11.5 ᠲᠦᠮᠡᠨ ᠮᠦ ᠪᠠᠶᠢᠭ᠎ᠠ ᠶᠢ ᠢᠯᠡᠷᠡᠭᠦᠯᠵᠤ᠂ ᠲᠠᠷᠠᠭᠠᠴᠢ ᠶᠢᠨ ᠠᠯᠬᠤᠮ ᠳᠤ ᠬᠤᠣᠷ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ ᠬᠦᠨᠳᠦ ᠨᠣᠴᠢᠲᠠᠢ ᠬᠤᠣᠷ ᠬᠥᠨᠥᠭᠡᠯ ᠲᠠᠢ ᠣᠷᠣᠨ ᠢ ᠰᠡᠷᠭᠡᠶᠢᠯᠡᠨ ᠵᠠᠰᠠᠨ᠎ᠠ᠃ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠨᠢᠮᠪᠡᠭᠡᠲᠦ ᠬᠠᠪᠤᠷ ᠤᠨ ᠢᠷᠣᠬᠠᠶ 0.6 ᠲᠦᠮᠡᠨ ᠮᠦ ᠶᠢ ᠰᠡᠷᠭᠡᠶᠢᠯᠡᠨ ᠵᠠᠰᠠᠵᠤ᠂ ᠪᠦᠬᠦᠨ ᠢ ᠨᠡᠶᠢᠲᠡ ᠶᠢᠨ ᠬᠥᠨᠥᠭᠡᠯ ᠦᠭᠡᠢ ᠪᠤᠯᠭᠠᠵᠤ ᠰᠡᠷᠭᠡᠶᠢᠯᠡᠨ ᠵᠠᠰᠠᠨ᠎ᠠ᠃ ᡽ᠮᠠᠨ ᠤ ᠬᠤᠰᠢᠭᠤᠨ ᠤ ᠬᠢᠯᠢ ᠳᠣᠲᠣᠷ᠎ᠠ ᠠᠮᠧᠷᠢᠺᠠ ᠶᠢᠨ ᠴᠠᠭᠠᠨ ᠡᠷᠪᠡᠬᠡᠢ ᠵᠢᠴᠢ ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠵᠡᠷᠭᠡ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠦᠷᠦᠯ ᠤᠨ ᠲᠦᠷᠢᠯᠲᠡ ᠶᠢᠨ ᠦᠵᠡᠭᠳᠡᠯ ᠢ ᠢᠯᠡᠷᠡᠭᠦᠯᠦᠭᠡ ᠦᠭᠡᠢ᠃ ᠳᠡᠭᠡᠷ᠎ᠡ ᠬᠠᠭᠠᠰ ᠵᠢᠯ ᠳᠤ ᠬᠦᠷᠢᠶᠡᠯᠡᠩ ᠠᠴᠠ ᠭᠠᠷᠤᠭᠰᠠᠨ ᠴᠢᠬᠢ ᠮᠣᠳᠣ 64 ᠮᠦ᠂ ᠬᠢᠵᠢᠭ ᠪᠠᠶᠢᠴᠠᠭᠠᠭᠰᠠᠨ ᠲᠠᠯᠠᠪᠠᠶ 64 ᠮᠦ ᠪᠠᠶᠢᠵᠤ᠂ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠭᠰᠠᠨ ᠨᠣᠷᠮ᠎ᠠ 100% ᠳᠤ ᠬᠥᠷᠪᠡ᠃ ᠡᠯ᠎ᠡ ᠲᠥᠷᠥᠯ ᠤᠨ ᠣᠶ ᠰᠢᠭᠤᠢ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠦᠨᠳᠦᠰᠦᠨ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠢ 2000 ᠭᠠᠷᠤᠢ ᠬᠤᠪᠢ ᠲᠠᠷᠬᠠᠭᠠᠵᠤ᠂ ᠡᠯ᠎ᠡ ᠲᠥᠷᠥᠯ ᠤᠨ ᠠᠰᠠᠭᠤᠯᠲᠠ ᠳᠤ 50 ᠭᠠᠷᠤᠢ ᠬᠥᠮᠥᠨ ᠤᠳᠠᠭ᠎ᠠ ᠬᠠᠷᠢᠭᠤᠯᠲᠠ ᠥᠭᠪᠡ᠃ 49 ᠰᠢᠷᠬᠠᠲᠤᠭᠰᠠᠨ᠂ ᠬᠠᠰᠢᠭᠳᠠᠭᠰᠠᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠪᠠ᠃      ︵ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠪᠠ ᠃ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠭᠠᠯ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠳᠤ ᠪᠠᠶᠢᠴᠠᠭᠠᠯᠲᠠ ᠬᠢᠵᠦ᠂ ᠣᠲᠣ ᠪᠣᠯᠲᠠᠯ᠎ᠠ ᠨᠡᠶᠢᠲᠡ 11 ᠤᠳᠠᠭ᠎ᠠ ᠪᠠᠶᠢᠴᠠᠭᠠᠯᠲᠠ ᠬᠢᠵᠦ᠂ ᠣᠶ ᠰᠢᠭᠤᠢ ᠡᠪᠡᠰᠦ ᠪᠡᠯᠴᠢᠭᠡᠷᠲᠦ ᠭᠠᠵᠠᠷ ᠤᠨ ᠳᠣᠲᠣᠷᠠᠬᠢ 24 ᠵᠤᠷᠪᠤᠰ ᠴᠠᠬᠢᠯᠭᠠᠨ ᠬᠦᠴᠦᠨ ᠤ ᠱᠤᠭᠤᠮ ᠢ ᠵᠢᠭᠰᠠᠭᠠᠨ ᠪᠠᠶᠢᠴᠠᠭᠠᠵᠤ᠂ 3 ᠤᠬᠠᠭᠤᠯᠭ᠎ᠠ ᠶᠢᠨ ᠫᠠᠶᠢᠰᠠ ᠬᠢᠵᠤ᠂ 1000 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠭᠠᠯ ᠰᠡᠷᠭᠡᠶᠢᠯᠡᠬᠦ ᠺᠤᠳ᠋ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠴᠢᠬᠤᠯᠠ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ 24 ᠴᠠᠭ ᠢᠶᠠᠷ ᠵᠢᠵᠢᠭᠦᠷᠯᠡᠪᠡ᠃ ᠭᠠᠯ ᠰᠡᠷᠭᠡᠶᠢᠯᠡᠬᠦ ᠪᠠᠷᠠᠭ᠎ᠠ ᠨᠥᠭᠡᠴᠡᠯᠡᠬᠦ ᠬᠥᠮᠥᠷᠭᠡ  ᠶᠢᠨ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠨᠢ ᠨᠢᠭᠡᠨᠲᠡ ᠡᠬᠢᠨ ᠤ ᠱᠠᠲᠤᠨ ᠤ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠵᠦ᠂ ᠤᠳᠤ ᠶᠠᠭ ᠪᠠᠷᠢᠯᠭ᠎ᠠ ᠶᠢᠨ ᠠᠵᠢᠯ ᠢᠶᠠᠨ ᠬᠢᠵᠦ ᠪᠠᠶᠢᠨ᠎ᠠ᠃ 7 ᠭᠠᠵᠠᠷ ᠲᠤ ᠭᠠᠯ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠪᠠ᠃      ︵ᠲᠠᠪᠤ︶ ᠦᠨᠳᠦᠰᠦᠨ ᠨᠤᠲᠤᠭ ᠪᠡᠯᠴᠢᠭᠡᠷ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠪᠠ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠬᠤ ᠠᠵᠢᠯ ᠤᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2022﹈ 39 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠠᠵᠢᠯ ᠤᠨ ᠲᠥᠰᠥᠯ︾ ᠢ ᠲᠤᠭᠤᠷᠪᠢᠨ ᠲᠣᠭᠲᠠᠭᠠᠵᠤ᠂ ᠣᠳᠣᠬᠠᠨ ᠳᠤ ᠶᠠᠭ ᠰᠠᠨᠠᠯ ᠬᠤᠷᠢᠶᠠᠵᠤ ᠪᠠᠶᠢᠭ᠎ᠠ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ ᠮᠠᠲ᠋ᠧᠷᠢᠶᠠᠯ ᠴᠤᠭᠯᠠᠭᠤᠯᠵᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠬᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ  ᠶᠢ ᠴᠢᠩᠭᠠᠳᠬᠠᠬᠤ᠂ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠠᠰᠢᠭᠯᠠᠬᠤ ᠳᠤ ᠰᠠᠶᠢᠨ ᠰᠠᠭᠤᠷᠢ ᠲᠠᠯᠪᠢᠵᠤ ᠪᠠᠶᠢᠨ᠎ᠠ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ  ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠣᠯᠬᠤ ᠣᠶᠢᠯᠠᠭᠠᠭᠳᠠᠬᠤᠨ ᠢ ᠪᠠᠲᠤᠳᠬᠠᠵᠤ᠂ ᠬᠥᠭᠵᠢᠯᠲᠡ ᠪᠣᠯᠣᠨ ᠠᠮᠢ ᠠᠬᠤᠢ ᠶᠢᠨ ᠬᠤᠶᠠᠷ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠢ ᠰᠢᠭᠤᠢ᠂ ᠨᠤᠲᠤᠭ ᠪᠡᠯᠴᠢᠭᠡᠷ᠂ ᠤᠯᠤᠰ ᠤᠨ ᠴᠡᠴᠡᠷᠯᠢᠭ ᠤᠨ ︽ᠭᠤᠷᠪᠠ ᠶᠢ ᠨᠢᠭᠡ ᠴᠣᠭᠴᠠᠵᠢᠭᠤᠯᠬᠤ︾ ᠠᠭᠤᠰᠤᠯᠴᠠᠨ ᠬᠥᠭᠵᠢᠬᠦ ᠶᠢ ᠭᠤᠣᠯᠳᠠᠯᠭ᠎ᠠ ᠳᠤ ᠲᠥᠪᠯᠡᠷᠡᠭᠦᠯᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠶᠢ ᠲᠦᠷᠭᠡᠳᠬᠡᠨ ᠠᠬᠢᠭᠤᠯᠤᠨ᠎ᠠ᠃ ︽ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠶᠢ ᠭᠦᠨᠵᠡᠭᠡᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2021 ︱ 2023 ᠣᠨ︶︾ ᠶᠣᠰᠣᠭᠠᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠮᠠᠨ ᠤ ᠬᠤᠰᠢᠭᠤᠨ ᠤ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠬᠥᠭᠵᠢᠯᠲᠡ ᠶᠢᠨ ᠲᠥᠷᠥᠯ ᠵᠦᠢᠯ ᠳᠤ ᠨᠠᠶᠢᠷᠠᠭᠤᠯᠤᠨ ᠵᠣᠬᠢᠶᠠᠭᠰᠠᠨ ᠰᠤᠳᠤᠯᠭᠠᠨ ᠤ ᠮᠡᠳᠡᠭᠦᠯᠦᠯᠲᠡ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ  ᠶᠢ ᠡᠵᠡᠮᠳᠡᠬᠦ ᠶᠢ ᠢᠮᠠᠭᠲᠠ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠲᠦᠷᠭᠡᠨ ᠪᠡᠶᠡᠯᠡᠭᠦᠯᠵᠦ᠂ ᠤᠯᠠᠨ ᠡᠰᠢᠲᠦ ᠦᠷᠳᠡᠭ ᠢ ᠴᠢᠷᠮᠠᠶᠢᠨ ᠡᠭᠦᠳᠴᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠳᠠᠰᠤᠷᠠᠯᠳᠠ ᠦᠭᠡᠢ ᠰᠢᠯᠢᠳᠡᠭᠵᠢᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠤᠢ ᠪᠤᠯᠭᠠᠬᠤ ᠪᠠ ᠬᠠᠮᠠᠭᠠᠯᠠᠬᠤ ᠳᠤ ᠰᠠᠭᠤᠷᠢᠯᠠᠨ᠂ ᠭᠠᠯ ᠰᠡᠷᠭᠡᠶᠢᠯᠡᠬᠦ ︽ᠨᠢᠭᠡᠳᠦᠭᠡᠷ ᠬᠠᠷᠠᠭᠤᠯ︾ ᠢ ᠪᠠᠲᠤ ᠰᠠᠬᠢᠵᠤ ᠂ ᠭᠤᠣᠯ ᠱᠤᠭᠤᠮ ᠤᠨ ︽ᠨᠢᠭᠡᠳᠦᠭᠡᠷ ᠰᠠᠯᠠᠭ᠎ᠠ︾ ᠶᠢ ᠰᠠᠶᠢᠲᠤᠷ ᠡᠵᠡᠮᠳᠡᠵᠦ᠂ ᠣᠶ ᠰᠢᠭᠤᠢ ᠨᠤᠲᠤᠭ ᠪᠡᠯᠴᠢᠭᠡᠷ ᠤᠨ ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号