ᠲᠤᠯᠠᠭᠠᠨ ᠭᠡᠷ ᠨᠡᠶᠢᠭᠡᠮ ᠲᠤᠭᠤᠷᠢᠭ ︽ᠠᠮᠢ ᠨᠠᠰᠤ ᠪᠠᠨ ᠨᠠᠨᠳᠢᠩᠨᠠᠨ ᠬᠤᠤᠷᠳᠦ ᠡᠳ᠋ ᠠᠴᠠ ᠬᠤᠯᠠ ᠪᠠᠶᠢᠬᠤ︾ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/6/9
      ᠪᠦᠬᠦ ᠠᠷᠠᠳ ᠤᠨ ᠬᠤᠤᠷᠳᠦ ᠡᠳ᠋ ᠢ ᠴᠠᠭᠠᠵᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠦ᠂ ᠬᠤᠤᠷᠳᠦ ᠡᠳ᠋ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠬᠦᠯᠬᠦ ᠶᠢᠨ ᠲᠦᠯᠦᠭᠡ6 ᠰᠠᠷ᠎ᠠ ᠶᠢᠨ7 ᠤ ᠦᠳᠡ ᠶᠢᠨ ᠬᠤᠶᠢᠨ᠎ᠠ᠂ ᠲᠤᠯᠠᠭᠠᠨ ᠭᠡᠷ ᠨᠡᠶᠢᠭᠡᠮ ᠲᠤᠭᠤᠷᠢᠭ ︽ᠠᠮᠢ ᠨᠠᠰᠤ ᠪᠠᠨ ᠨᠠᠨᠳᠢᠩᠨᠠᠨ ᠬᠤᠤᠷᠳᠦ ᠡᠳ᠋ ᠠᠴᠠ ᠬᠤᠯᠠ ᠪᠠᠶᠢᠬᠤ︾ ᠣᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ᠃
微信图片_20220610091357.png 
      ᠠᠵᠢᠯᠯᠠᠭ᠎ᠠ ᠳᠤ᠂ ᠠᠵᠢᠯᠳᠠᠳ ᠠᠴᠠ ᠬᠤᠤᠷᠳᠦ ᠡᠳ᠋ ᠤᠨ ᠲᠦᠷᠦᠯ ᠵᠦᠢᠯ᠂ ᠬᠤᠤᠷᠳᠦ ᠡᠳ᠋ ᠤᠨ ᠬᠤᠤᠷ ᠬᠦᠨᠦᠭᠡᠯ᠂ ᠬᠤᠤᠷᠳᠦ ᠡᠳ᠋ ᠢ ᠬᠡᠷᠬᠢᠨ ᠰᠡᠷᠭᠡᠶᠢᠯᠡᠬᠦ ᠪᠠ ᠬᠤᠷᠢᠭᠯᠠᠬᠤ᠂ ᠤᠯᠤᠰ ᠤᠨ ᠠᠮᠤᠷ ᠲᠦᠪᠰᠢᠨ ᠪᠠ ᠬᠤᠤᠷ ᠴᠠᠭᠠᠵᠠᠯᠠᠬᠤ ᠬᠠᠮᠢᠶ᠎ᠠ ᠪᠦᠬᠦᠢ ᠮᠡᠳᠡᠯᠭᠡ ᠵᠡᠷᠭᠡ ᠶᠢ ᠤᠬᠠᠭᠤᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠤᠯᠠᠨ ᠲᠦᠮᠡᠨ ᠳᠤ ᠰᠢᠨ᠎ᠡ ᠬᠡᠯᠪᠡᠷᠢ ᠶᠢᠨ ᠬᠤᠤᠷᠳᠦ ᠡᠳ᠋ ᠤᠨ ᠲᠦᠷᠦᠯ ᠵᠦᠢᠯ᠂ ᠬᠤᠤᠷᠳᠦ ᠡᠳ᠋ ᠤᠨ ᠶᠠᠯᠠᠳᠤ ᠠᠵᠢᠯᠯᠠᠭ᠎ᠠ ᠶᠢᠨ ᠲᠠᠯᠳᠠ ᠴᠢᠨᠠᠷ᠂ ᠰᠢᠨ᠎ᠡ ᠬᠡᠯᠪᠡᠷᠢ ᠶᠢᠨ ᠬᠤᠤᠷᠳᠦ ᠡᠳ᠋ ᠤᠨ ᠨᠡᠶᠢᠭᠡᠮ᠂ ᠭᠡᠷ ᠪᠦᠯᠢ ᠵᠢᠴᠢ ᠪᠡᠶ᠎ᠡ ᠮᠠᠬᠠᠪᠤᠳ ᠲᠤ ᠤᠴᠠᠷᠠᠭᠤᠯᠬᠤ ᠬᠤᠤᠷ ᠬᠦᠨᠦᠭᠡᠯ ᠢ ᠨᠠᠷᠢᠨ ᠲᠠᠶᠢᠯᠪᠤᠷᠢᠯᠠᠵᠦ᠂ ᠤᠯᠠᠨ ᠢᠶᠠᠷ ᠢᠶᠠᠨ ᠬᠤᠤᠷᠳᠦ ᠡᠳ᠋ ᠢ ᠴᠠᠭᠠᠵᠠᠯᠠᠬᠤ ᠬᠠᠮᠢᠶ᠎ᠠ ᠪᠦᠬᠦᠢ ᠮᠡᠳᠡᠯᠭᠡ ᠶᠢ ᠰᠤᠷᠤᠯᠴᠠᠨ ᠤᠶᠢᠯᠠᠭᠠᠵᠦ᠂ ᠦᠪᠡᠷ ᠢ ᠪᠠᠨ ᠬᠠᠮᠠᠭᠠᠯᠠᠬᠤ ᠤᠬᠠᠮᠰᠠᠷ  ᠢᠶᠠᠨ ᠲᠡᠭᠡᠭᠰᠢᠯᠡᠭᠦᠯᠦᠨ᠂ ᠤᠬᠠᠮᠰᠠᠷ ᠠᠴᠠ ᠪᠠᠨ ᠬᠤᠤᠷᠳᠦ ᠡᠳ᠋ ᠢ ᠡᠰᠡᠷᠭᠦᠴᠡᠨ ᠬᠤᠷᠢᠭᠯᠠᠵᠦ᠂ ᠡᠷᠡᠭᠦᠯ ᠪᠦᠭᠡᠳ ᠡᠶ᠎ᠡ ᠵᠤᠬᠢᠴᠠᠯ ᠲᠠᠢ ᠨᠡᠶᠢᠭᠡᠮ ᠤᠨ ᠤᠷᠴᠢᠨ ᠢ ᠪᠠᠶᠢᠭᠤᠯᠬᠤ ᠶᠢ ᠰᠠᠨᠠᠭᠠᠴᠢᠯᠠᠭᠰᠠᠨ ᠪᠠᠶᠢᠨ᠎ᠠ᠃
微信图片_20220610091408.png
       ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠡᠷᠡᠭᠦᠯ ᠴᠢᠬᠢᠷᠠᠭ᠂ ᠰᠢᠨᠵᠢᠯᠡᠬᠦ ᠤᠬᠠᠭᠠᠨᠴᠢ᠂ ᠪᠤᠯᠪᠠᠰᠤᠨ ᠠᠮᠢᠳᠤᠷᠠᠯ ᠢ ᠬᠦᠳᠦᠯᠦᠨ ᠵᠢᠯᠤᠭᠤᠳᠴᠦ᠂ ᠬᠤᠤᠷ ᠡᠰᠡᠷᠭᠦᠴᠡᠬᠦ ᠪᠠᠳᠤ ᠪᠠᠬᠢ ᠰᠡᠷᠭᠡᠶᠢᠯᠡᠯᠳᠡ ᠶᠢᠨ ᠱᠤᠭᠤᠮ ᠢ ᠪᠠᠶᠢᠭᠤᠯᠵᠦ᠂ ᠬᠤᠤᠷᠳᠦ ᠡᠳ᠋ ᠤᠨ ᠬᠤᠤᠷ ᠬᠦᠨᠦᠭᠡᠯ ᠢ ᠲᠤᠳᠤᠷᠬᠠᠢ ᠲᠠᠨᠢᠵᠦ᠂ ᠬᠤᠤᠷᠳᠦ ᠡᠳ᠋ ᠢ ᠬᠡᠷᠬᠢᠨ ᠢᠯᠭᠠᠨ ᠲᠠᠨᠢᠬᠤ᠂ ᠬᠤᠤᠷᠳᠦ ᠡᠳ᠋ ᠢ ᠬᠡᠷᠬᠢᠨ ᠢᠯᠭᠠᠨ ᠲᠠᠨᠢᠬᠤ᠂ ᠬᠤᠤᠷᠳᠦ ᠡᠳ᠋ ᠢ ᠲᠡᠪᠴᠢᠬᠦ ᠵᠡᠷᠭᠡ ᠲᠠᠯ᠎ᠠ ᠶᠢᠨ ᠮᠡᠳᠡᠯᠭᠡ ᠶᠢ ᠤᠯᠠᠨ ᠳᠤ ᠤᠶᠢᠯᠠᠭᠠᠭᠤᠯᠵᠦ᠂ ᠰᠠᠭᠤᠭᠠᠯᠢ ᠠᠷᠠᠳ ᠢ ᠬᠤᠤᠷᠳᠦ ᠡᠳ᠋ ᠢ ᠴᠠᠭᠠᠵᠠᠯᠠᠬᠤ ᠲᠡᠮᠡᠴᠡᠯ ᠳᠤ ᠤᠬᠠᠮᠰᠠᠷ ᠠᠴᠠ ᠪᠠᠨ ᠢᠳᠡᠪᠬᠢᠳᠡᠢ ᠤᠷᠤᠯᠴᠠᠭᠤᠯᠵᠦ᠂ ᠡᠶ᠎ᠡ ᠵᠤᠬᠢᠴᠠᠯ ᠲᠠᠢ ᠨᠡᠶᠢᠭᠡᠮ ᠲᠤᠭᠤᠷᠢᠭ ᠢ ᠪᠠᠶᠢᠭᠤᠯᠬᠤ ᠶᠢ ᠲᠠᠶᠢᠴᠢᠯᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号