ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ︽ᠢᠪᠡᠭᠡᠯ ᠬᠤᠨᠳᠠᠭᠠᠳᠤ︾ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2022/7/12
      7 ᠰᠠᠷ᠎ᠠ ᠶᠢᠨ9 ᠤ ᠡᠳᠦᠷ ᠠᠴᠠ10 ᠤ ᠡᠳᠦᠷ ᠪᠤᠯᠳᠠᠯ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ︽ᠢᠪᠡᠭᠡᠯ ᠬᠤᠨᠳᠠᠭᠠᠳᠦ︾ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠲᠠᠯᠠᠪᠤᠷ ᠲᠤ ᠠᠮᠵᠢᠯᠳᠠ ᠲᠠᠢ ᠶᠠᠪᠤᠭᠳᠠᠭᠰᠠᠨ ᠪᠠᠶᠢᠨ᠎ᠠ᠃      ᠲᠤᠰ ᠤᠳᠠᠭᠠᠨ ᠤ ᠬᠦᠯ ᠪᠦᠮᠪᠦᠭᠡ ᠶᠢᠨ ᠤᠷᠤᠯᠳᠤᠭᠠᠨ ᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠤᠨ ᠠᠵᠦ ᠦᠢᠯᠡᠰ ᠤᠨ ᠬᠦᠭᠵᠢᠯᠳᠡ ᠶᠢᠨ ᠲᠦᠪ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠷᠬᠠᠨ ᠬᠦᠯ ᠪᠦᠮᠪᠦᠭᠡ ᠶᠢᠨ ᠺᠢᠯᠹ ᠠᠴᠠ ᠲᠠᠭᠠᠭᠠᠴᠢᠯᠠᠨ ᠡᠷᠬᠢᠯᠡᠵᠡᠢ᠃      ᠤᠷᠤᠯᠳᠤᠭᠠᠨ ᠳᠤ ᠪᠠᠶ᠋ᠬᠠᠠᠤᠸᠠ ᠪᠠᠯᠭᠠᠰᠤ᠂ ᠮᠠᠨᠳᠤᠯ ᠪᠠᠯᠭᠠᠰᠤ᠂ ᠮᠢᠩᠭᠠᠨ ᠪᠠᠯᠭᠠᠰᠤ᠂ ᠲᠠᠷᠬᠠᠨ ᠰᠤᠮᠤ᠂ ᠴᠠᠭᠠᠨᠬᠠᠳᠠ ᠰᠤᠮᠤ᠂ ᠪᠠᠶ᠋ᠬᠠᠤᠪᠤᠭ᠎ᠠ ᠰᠤᠮᠤ ᠵᠢᠴᠢU38 ᠲᠤᠭᠤᠶᠢᠯᠠᠩ᠂ ᠲᠦᠭᠦᠷᠡᠩ ᠤᠪᠤᠭ᠎ᠠ ᠲᠤᠭᠤᠶᠢᠯᠠᠩ᠂ ᠮᠤᠩᠭᠤᠯ ᠰᠤᠷᠭᠠᠭᠤᠯᠢ᠂ ᠪᠠᠶ᠋ᠬᠠᠠᠤᠸᠠ ᠪᠠᠯᠭᠠᠰᠤ᠂ ᠮᠢᠩᠭᠠᠨ ᠪᠠᠯᠭᠠᠰᠤ ᠲᠤᠰ ᠪᠦᠷᠢ ᠨᠢᠭᠡ ᠬᠤᠶᠠᠷ ᠭᠤᠷᠪᠠᠳᠤᠭᠠᠷ ᠨᠡᠷᠡᠰ ᠢᠶᠠᠷ ᠰᠢᠯᠭᠠᠷᠠᠭᠳᠠᠭᠰᠠᠨ ᠪᠠᠶᠢᠨ᠎ᠠ᠃      ᠤᠷᠤᠯᠳᠤᠭᠠᠨ ᠨᠢ ᠲᠠᠮᠢᠷᠴᠢᠳ ᠤᠨ ᠲᠡᠰᠪᠤᠷᠢ ᠲᠠᠭᠠᠭᠠᠮᠠᠭᠠᠢ᠂ ᠨᠦᠬᠦᠷᠰᠡᠭ ᠪᠠ ᠪᠦᠯᠬᠦᠮᠳᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠤᠯᠠᠨ ᠤ ᠬᠠᠷᠠᠭ᠎ᠠ ᠶᠢ ᠪᠠᠶᠠᠰᠬᠠᠭᠰᠠᠨ ᠰᠠᠶᠢᠬᠠᠨ ᠤᠷᠤᠯᠳᠤᠭᠠᠨ ᠪᠤᠯᠤᠭᠰᠠᠨ ᠢᠶᠠᠷ ᠪᠠᠷᠠᠬᠤ ᠦᠭᠡᠢ ᠪᠦᠬᠦ ᠬᠤᠰᠢᠭᠤᠨ ᠤ ᠦᠷᠭᠡᠨ ᠤᠯᠠᠨ ᠬᠦᠯ ᠪᠦᠮᠪᠦᠭᠡ ᠶᠢᠨ ᠪᠠᠭ᠋ᠠᠳᠠᠳ ᠢ ᠤᠷᠠᠮᠰᠢᠭᠤᠯᠤᠨ ᠵᠤᠷᠢᠭᠵᠢᠭᠤᠯᠵᠦ᠂ ᠠᠵᠢᠯ ᠤᠨ ᠴᠢᠯᠦᠭᠡᠨ ᠤ ᠠᠮᠢᠳᠤᠷᠠᠯ ᠢ ᠨᠢ ᠪᠠᠶᠠᠯᠢᠭᠵᠢᠭᠤᠯᠤᠨ᠂ ᠮᠠᠨ ᠤ ᠬᠤᠰᠢᠭᠤᠨ ᠤ ᠪᠡᠶ᠎ᠡ ᠲᠠᠮᠢᠷ ᠤᠨ ᠠᠵᠢᠯ ᠪᠠ ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠦᠢᠯᠡᠰ ᠤᠨ ᠬᠦᠭᠵᠢᠯᠳᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃
 
  
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号