ᠰᠦᠮᠪᠦᠨ ᠬᠤᠷᠤᠭᠤ ᠮᠤᠩᠭᠤᠯ ᠶᠠᠳᠤᠭ᠎ᠠ ᠶᠢᠨ ᠠᠩᠭᠢ
ᠨᠡᠶᠢᠲᠡᠯᠡᠭᠰᠡᠨ ᠴᠠᠭ᠄
2022/7/13
      ᠲᠡᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠴᠤᠷ ᠤᠨ ᠭᠠᠭᠴᠠ ᠮᠤᠩᠭᠤᠯ ᠶᠠᠳᠤᠭ᠎ᠠ ᠶᠢᠨ ᠠᠩᠭᠢ ᠡᠷᠬᠢᠯᠡᠵᠦ ᠪᠠᠶᠢᠭ᠎ᠠ ᠡᠨᠡ ᠬᠦᠮᠦᠨ ᠢ ᠤᠷᠠᠠᠭᠡᠷᠡᠯ ᠬᠡᠳᠡᠭ᠂ ᠮᠠᠨᠳᠤᠯ ᠪᠠᠯᠭᠠᠰᠤᠨ ᠤ ᠡᠷᠳᠡᠨᠢᠠᠤᠪᠤᠭ᠎ᠠ ᠭᠠᠴᠠᠭ᠎ᠠ ᠪᠠᠷ ᠨᠤᠳᠤᠭ ᠲᠠᠢ᠃ ᠲᠡᠷᠡ ᠦᠪᠡᠷ ᠤᠨ ᠬᠠᠴᠢᠨ ᠰᠤᠨᠢᠭᠤᠴᠢ ᠵᠠᠩ ᠠᠴᠠ ᠪᠠᠨ ᠬᠡᠭᠦ ᠦᠦ ᠲᠦᠷᠦᠯᠬᠢ ᠶᠢᠨ ᠤᠷ᠎ᠠ ᠠᠪᠢᠶᠠᠰ ᠠᠴᠠ ᠪᠠᠨ ᠬᠡᠭᠦ ᠦᠦ ᠦᠨᠳᠦᠷ ᠲᠤᠮᠳᠠᠳᠦ ᠠᠴᠠ ᠪᠠᠨ ᠮᠤᠩᠭᠤᠯ ᠶᠠᠳᠤᠭ᠎ᠠ ᠲᠠᠢ ᠬᠤᠪᠢ ᠪᠠᠷᠢᠯᠳᠤᠯᠠᠭ᠎ᠠ ᠲᠠᠢ ᠪᠤᠯᠵᠦ᠂ ᠶᠡᠭᠡ ᠰᠤᠷᠭᠠᠭᠤᠯᠢ ᠪᠠ ᠰᠤᠳᠤᠯᠬᠤ ᠰᠤᠷᠤᠭᠴᠢ ᠶᠢᠨ ᠠᠩᠭᠢ ᠪᠠᠨ ᠴᠦᠮ ᠶᠠᠳᠤᠭ᠎ᠠ  ᠶᠠᠳᠤᠭ᠎ᠠ ᠶᠢᠨ ᠮᠡᠷᠭᠡᠵᠢᠯ ᠢᠶᠠᠷ ᠲᠡᠭᠦᠰᠭᠡᠵᠦ᠂21 ᠤᠳᠠᠰᠤᠳᠦ ᠶᠠᠳᠤᠭᠠᠨ ᠴᠢᠪᠠᠭᠳᠠᠰᠤᠨ ᠲᠡᠭᠡᠷ᠎ᠡ ᠰᠦᠮᠪᠦᠨ ᠴᠠᠭᠠᠨ ᠬᠤᠷᠤᠭᠤ ᠶᠢ ︽ᠪᠦᠵᠢᠭᠯᠡᠭᠦᠯᠳᠡᠭ︾ ᠶᠠᠳᠤᠭᠠᠴᠢᠨ ᠭᠤᠸ᠎ᠠ ᠦᠬᠢᠨ ᠪᠤᠯᠤᠭᠰᠠᠨ ᠪᠠᠶᠢᠨ᠎ᠠ᠃     2019 ᠤᠨ ᠳᠤ ᠠᠰᠫᠢᠷᠠᠨᠲ ᠴᠤᠯᠠ ᠪᠠᠨ ᠬᠠᠮᠠᠭᠠᠯᠠᠵᠦ ᠨᠤᠳᠤᠭ ᠪᠤᠴᠠᠭᠰᠠᠨ ᠤᠷᠠᠠᠭᠡᠷᠡᠯ ᠦᠪᠡᠷ ᠤᠨ ᠠᠪᠢᠶᠠᠰ ᠢᠶᠠᠨ ᠪᠠᠳᠠᠷᠠᠭᠤᠯᠵᠦ ᠲᠤᠷᠠᠳᠠᠢ ᠵᠦᠢᠯ ᠢᠶᠠᠨ ᠬᠢᠬᠦ ᠶᠢᠨ ᠲᠦᠯᠦᠬᠡ ︽ᠰᠦᠮᠪᠦᠨ ᠬᠤᠷᠤᠭᠤ ᠮᠤᠩᠭᠤᠯ ᠶᠠᠳᠤᠭ᠎ᠠ︾ ᠶᠢᠨ ᠠᠩᠭᠢ ᠪᠠᠨ ᠡᠷᠬᠢᠯᠡᠵᠦ᠂ ᠡᠬᠢᠨ ᠳᠤ ᠪᠠᠨ ᠨᠡᠷ᠎ᠡ ᠨᠦᠯᠦᠭᠡ ᠪᠠᠭ᠎ᠠ ᠰᠤᠷᠤᠭᠴᠢ ᠴᠦᠬᠡᠨ ᠪᠠᠶᠢᠭᠰᠠᠨ ᠴᠦ ᠲᠡᠷᠡ ᠮᠤᠬᠤᠰᠢ ᠦᠭᠡᠢ ᠵᠤᠷᠢᠭ ᠢᠶᠠᠷ ᠰᠤᠷᠤᠭᠴᠢ ᠳᠤ ᠪᠠᠨ ᠬᠠᠨᠳᠤᠨ᠂ ᠨᠠᠷᠢᠨ ᠬᠢᠨᠠᠮᠠᠭᠠᠢ ᠵᠢᠭᠠᠨ ᠰᠤᠷᠭᠠᠵᠦ᠂ ᠤᠯᠠᠨ ᠤᠳᠠᠭᠠᠨ ᠤ ᠲᠤᠭᠯᠠᠯᠳᠠ ᠳᠤ ᠰᠤᠷᠤᠭᠴᠢᠳ ᠢᠶᠠᠨ ᠲᠠᠶᠢᠴᠢᠯᠠᠨ ᠢᠳᠡᠪᠬᠢᠯᠡᠨ ᠤᠷᠤᠯᠴᠠᠭᠰᠠᠨ ᠠᠴᠠ ᠠᠭᠠᠵᠢᠮ  ᠢᠶᠠᠷ ᠨᠡᠶᠢᠭᠡᠮ ᠨᠡᠶᠢᠳᠡ ᠪᠡ ᠬᠦᠮᠦᠨ ᠤᠯᠠᠨ ᠳᠤ ᠲᠠᠨᠢᠭᠳᠠᠨ ᠤᠳᠤ ᠪᠤᠯᠬᠤ ᠳᠤ ᠶᠠᠳᠤᠭ᠎ᠠ ᠶᠢᠨ ᠠᠩᠭᠢ ᠨᠢ ᠦᠷᠦᠬᠡ ᠲᠦᠭᠦᠷᠡᠩ ᠰᠤᠷᠤᠭᠴᠢ ᠲᠠᠢ ᠪᠤᠯᠵᠠᠢ᠃ ᠶᠠᠳᠤᠭ᠎ᠠ ᠲᠠᠷᠤᠳᠠᠭ ᠬᠦᠮᠦᠨ ᠯᠠᠪᠳᠠᠭᠤᠨ ᠡᠷᠬᠢᠮᠰᠦᠭ ᠬᠠᠷᠠᠭᠳᠠᠳᠠᠭ ᠪᠤᠯ ᠤᠷᠠᠠᠭᠡᠷᠡᠯ ᠲᠦᠷᠦᠯᠬᠢ ᠲᠤᠭᠳᠠᠭᠤᠨ ᠵᠠᠩ ᠲᠠᠢ ᠠᠴᠠ ᠪᠤᠯᠪᠠᠰᠤᠷᠠᠯ ᠤᠨ ᠠᠩᠭᠢ ᠶᠢᠨ ᠢᠶᠠᠨ ᠰᠤᠷᠤᠭᠴᠢᠳ ᠤᠨ ᠶᠡᠭᠡ  ᠶᠢ ᠨᠢ ᠬᠦᠨᠳᠦᠯᠡᠵᠦ ᠪᠠᠭ᠎ᠠ ᠶᠢ ᠨᠢ ᠬᠠᠶᠢᠷᠠᠯᠠᠨ ᠤᠷᠮ᠎ᠠ ᠪᠠᠷ ᠲᠡᠳᠭᠦᠨ ᠵᠢᠭᠠᠳᠠᠭ ᠪᠠᠶᠢᠨ᠎ᠠ᠃      ᠨᠤᠳᠤᠭ ᠪᠤᠴᠠᠭᠰᠠᠨ ᠤᠶᠤᠳᠠᠨ ᠤᠷᠠᠠᠭᠡᠷᠡᠯ ᠤᠨ ᠡᠨᠡ ᠬᠦ ᠮᠤᠩᠭᠤᠯ ᠶᠠᠳᠤᠭ᠎ᠠ ᠶᠢᠨ ᠠᠩᠭᠢ ᠨᠢ ᠰᠠᠶ᠋ᠢ ᠭᠤᠷᠪᠠᠨ ᠵᠢᠯ ᠤᠨ ᠨᠢᠭᠤᠷ ᠢ ᠦᠵᠡᠵᠦ ᠪᠠᠶᠢᠭ᠎ᠠ ᠪᠤᠯᠪᠠᠴᠦ ᠤᠶᠢᠯᠠᠭᠠᠵᠦ ᠮᠡᠳᠡᠬᠦ ᠬᠦᠮᠦᠨ ᠨᠡᠩ ᠤᠯᠠᠨ ᠪᠤᠯᠵᠡᠢ᠃ ᠤᠷᠠᠠᠭᠡᠷᠡᠯ ᠴᠦ ᠨᠡᠩ ᠤᠯᠠᠨ ᠬᠡᠥᠬᠡᠳ ᠲᠡᠭᠦᠦ ᠨᠠᠷ ᠲᠤ ᠪᠠᠨ ᠤᠨᠴᠠᠯᠢᠭᠳᠦ ᠮᠤᠩᠭᠤᠯ ᠶᠠᠳᠤᠭ᠎ᠠ ᠶᠢ ᠲᠠᠨᠢᠭᠤᠯᠵᠦ ᠰᠤᠷᠭᠠᠬᠤ ᠪᠠᠷ ᠬᠢᠴᠢᠶᠡᠨ ᠠᠵᠢᠯᠯᠠᠵᠦ ᠪᠤᠢ᠃
微信图片_20220713090122.jpg
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号