ᠪᠤᠯᠪᠠᠰᠤᠨ ᠪᠤᠰᠦ ᠦᠢᠯᠡ ᠠᠵᠢᠯᠯᠠᠭ᠎ᠠ ᠳᠤ ︽ᠪᠤᠯᠬᠤ ᠦᠬᠡᠢ︾ ᠬᠡᠵᠦ ᠬᠡᠯᠡᠶ᠎ᠡ
ᠨᠡᠶᠢᠲᠡᠯᠡᠭᠰᠡᠨ ᠴᠠᠭ᠄
2022/7/14
      ᠮᠠᠨ ᠤ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠳᠤ ᠵᠢᠵᠢᠭ ᠵᠠᠷ ᠢᠨᠴᠦᠭ ᠪᠤᠯᠤᠩ ᠦᠭᠡᠢ ᠲᠠᠷᠬᠠᠵᠦ ᠪᠠᠶᠢᠭ᠎ᠠ ᠦᠵᠡᠭᠳᠡᠯ ᠤᠷᠤᠰᠢᠵᠦ ᠪᠠᠶᠢᠨ᠎ᠠ᠃ ᠭᠠᠵᠠᠷ ᠪᠤᠯᠭᠠᠨ ᠳᠤ ᠬᠠᠷᠠᠭᠳᠠᠵᠦ ᠪᠠᠶᠢᠭ᠎ᠠ ᠵᠢᠵᠢᠭ ᠵᠠᠷ ᠮᠡᠳᠡᠭᠡ ᠨᠢ ᠬᠤᠳᠠ ᠪᠠᠯᠭᠠᠰᠤᠨ ᠤ ᠲᠦᠷᠢ ᠲᠦᠷᠬᠦ ᠶᠢ ᠡᠪᠳᠡᠬᠦ ᠪᠠᠷ ᠪᠠᠷᠠᠬᠤ ᠦᠬᠡᠢ᠂ ᠨᠡᠶᠢᠭᠡᠮ ᠤᠨ ᠬᠡᠪ ᠰᠤᠷᠳᠠᠯ ᠢ ᠴᠦ ᠪᠤᠬᠢᠷᠳᠤᠭᠤᠯᠵᠦ᠂ ᠪᠤᠯᠪᠠᠰᠤᠨ ᠪᠦᠬᠡᠳ ᠡᠮᠬᠢ ᠵᠢᠷᠤᠮ ᠲᠠᠢ᠂ ᠴᠡᠪᠡᠷ ᠴᠡᠮᠴᠡᠭᠡᠷ ᠬᠤᠳᠠ ᠶᠢᠨ ᠤᠷᠴᠢᠨ ᠲᠤᠭᠤᠷᠢᠨ  ᠢ ᠪᠤᠢ ᠪᠤᠯᠭᠠᠬᠤ ᠳᠤ ᠠᠰᠢᠭ ᠦᠬᠡᠢ ᠶᠤᠮ᠃      ᠪᠤᠯᠪᠠᠰᠤᠨ ᠪᠤᠯ ᠰᠡᠳᠬᠢᠯ ᠠᠴᠠ ᠪᠠᠨ ᠡᠬᠢᠯᠡᠵᠦ ᠬᠢᠳᠡᠭ᠂ ᠠᠷᠢᠭᠤᠨ ᠴᠡᠪᠡᠷ ᠪᠤᠯ ᠪᠤᠳᠠᠳᠦ ᠠᠵᠢᠯᠯᠠᠭᠠᠨ ᠳᠤ ᠦᠢᠯᠡᠳᠦᠯᠭᠡᠵᠢᠭᠦᠯᠳᠡᠭ᠃ ᠪᠢᠳᠡ ᠪᠦᠬᠦᠳᠡᠭᠡᠷ ᠢᠶᠠᠨ ︽ᠵᠢᠵᠢᠭ ᠵᠠᠷ︾ ᠢ ᠲᠤᠷ᠎ᠠ ᠪᠠᠷ ᠨᠠᠭᠠᠬᠤ᠂ ᠲᠤᠷ᠎ᠠ ᠪᠠᠷ ᠢᠶᠠᠨ ᠰᠡᠶᠢᠯᠬᠦ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠦ᠂ ᠤᠯᠤᠰ ᠤᠨ ᠬᠤᠯᠪᠤᠭᠳᠠᠯ ᠪᠦᠬᠦᠢ ᠬᠠᠥᠯᠢ ᠴᠠᠭᠠᠵᠠ ᠬᠠᠥᠯᠢ ᠲᠤᠭᠳᠠᠭᠠᠯ ᠢ ᠤᠬᠠᠮᠰᠠᠷ ᠠᠴᠠ ᠪᠠᠨ ᠵᠢᠷᠤᠮᠯᠠᠵᠦ᠂ ᠪᠤᠯᠪᠠᠰᠤᠨ ᠲᠦᠷᠢ ᠲᠦᠷᠬᠦ ᠶᠢ ᠡᠭᠦᠳᠡᠨ᠂ ᠪᠤᠯᠪᠠᠰᠤᠨ ᠬᠤᠳᠠ ᠶᠢᠨ ᠬᠡᠪ ᠨᠠᠮᠪᠠ ᠶᠢ ᠪᠠᠳᠠᠷᠠᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠪᠤᠯᠪᠠᠰᠤᠨ ᠶᠤᠰᠤ ᠰᠤᠷᠳᠠᠬᠤᠨ ᠲᠠᠢ ᠢᠷᠭᠡᠨ ᠪᠤᠯᠬᠤ ᠪᠠᠷ ᠴᠢᠷᠮᠠᠶᠢᠵᠠᠭᠠᠶ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号